ᠬᠠᠷᠠᠴᠢᠨ ᠬᠤᠰᠢᠭᠤ ᠪᠥᠬᠦ ᠤᠯᠤᠰ ᠤᠨ | ᠳᠥᠷᠪᠡᠳᠦᠭᠡᠷ ᠬᠤᠭᠤᠴᠠᠭᠠᠨ ᠤ ᠬᠢᠲᠠᠳ | ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ ︶ ᠤᠨ | ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠶᠡᠭᠡ ᠬᠤᠷᠠᠯ ᠵᠢᠴᠢ ᠥᠪᠥᠷ | ᠮᠣᠩᠭᠤᠯ ᠤᠨ ᠬᠢᠲᠠᠳ ᠡᠮ ᠤᠨ | ᠮᠠᠲ᠋ᠧᠷᠢᠶᠠᠯ ᠤᠨ ᠵᠠᠬ᠎ᠠ ᠳᠡᠯᠭᠡᠭᠦᠷ ᠤᠨ | ᠡᠬᠢᠯᠡᠯᠲᠡ ᠶᠢᠨ ᠶᠣᠰᠣᠯᠠᠯ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠪᠠ | 7 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠬᠠᠷᠠᠴᠢᠨ ᠬᠤᠰᠢᠭᠤ ᠪᠥᠬᠦ ᠤᠯᠤᠰ ᠤᠨ | ᠳᠥᠷᠪᠡᠳᠦᠭᠡᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ ︶ ᠤᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠵᠢᠴᠢ ᠥᠪᠥᠷ ᠮᠣᠩᠭᠤᠯ ᠤᠨ ᠬᠢᠲᠠᠳ ᠡᠮ ᠤᠨ | ᠮᠠᠲ᠋ᠧᠷᠢᠶᠠᠯ ᠤᠨ ᠵᠠᠬ᠎ᠠ ᠳᠡᠯᠭᠡᠭᠦᠷ ᠨᠡᠭᠡᠭᠡᠬᠦ ᠡᠬᠢᠯᠡᠯᠲᠡ ᠶᠢᠨ ᠶᠣᠰᠣᠯᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ | ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ ᠱᠢ ᡁᠢ ᠯᠢᠶᠠᠩ ᠬᠤᠷᠠᠯ ᠳᠤ ᠣᠷᠣᠯᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ | ᠡᠮ ᠤᠨ ᠮᠠᠲ᠋ᠧᠷᠢᠶᠠᠯ ᠤᠨ ᠠᠵᠤ ᠠᠬᠤᠶᠢᠯᠠᠯ᠂ ᠬᠤᠷᠰᠢᠶ᠎ᠠ᠂ ᠲᠠᠷᠢᠮᠠᠯ ᠤᠨ ᠲᠣᠮᠣ ᠡᠷᠦᠬᠡ ᠵᠢᠴᠢ ᠡᠯ᠎ᠡ ᠱᠠᠲᠤᠨ ᠤ | ᠵᠠᠭᠤᠴᠢᠯᠠᠭᠤᠷ ᠤᠨ ᠰᠤᠷᠪᠤᠯᠵᠢᠯᠠᠭᠴᠢ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ ᠪᠥᠬᠦ ᠤᠯᠤᠰ ᠤᠨ ᠳᠥᠷᠪᠡᠳᠦᠭᠡᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ | ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠵᠢᠴᠢ | ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠨᠡᠭᠡᠭᠡᠬᠦ ᠡᠬᠢᠯᠡᠯᠲᠡ ᠶᠢᠨ ᠶᠣᠰᠣᠯᠠᠯ ᠤᠨ | ᠴᠠᠭ᠂ ᠭᠠᠵᠠᠷ ᠣᠷᠣᠨ ᠪᠣᠯᠤᠨ ᠵᠥᠪᠯᠡᠬᠦ ᠵᠦᠢᠯ ᠵᠡᠷᠭᠡ ᠬᠤᠯᠪᠣᠭᠳᠠᠯ ᠪᠥᠬᠦᠶ ᠪᠠᠶᠢᠳᠠᠯ ᠢ ᠨᠡᠶᠢᠲᠡᠯᠡᠬᠦ ᠶᠢᠨ ᠬᠠᠮᠲᠤ᠂ | ᠪᠠᠰᠠ ᠪᠥᠬᠦ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠪᠣᠯᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ | ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠵᠢᠴᠢ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠨᠠᠷᠢᠨ ᠲᠠᠨᠢᠯᠴᠠᠭᠤᠯᠪᠠ᠃ | ᠣᠶᠢᠯᠠᠭᠠᠭᠰᠠᠨ ᠢᠶᠠᠷ᠂ ᠤᠯᠠᠭᠠᠨᠬᠠᠳᠠ ᠶᠢᠨ ᠬᠢᠲᠠᠳ ᠡᠮ ᠤᠨ ᠮᠠᠲ᠋ᠧᠷᠢᠶᠠᠯ ᠪᠠ ᠮᠣᠩᠭᠤᠯ ᠡᠮ ᠤᠨ | ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠨᠡᠶᠢᠭᠡᠮᠯᠢᠭ ᠠᠴᠠ ᠭᠤᠤᠯᠯᠠᠨ ᠡᠷᠭᠢᠯᠡᠭᠰᠡᠨ ᠪᠥᠬᠦ ᠤᠯᠤᠰ ᠤᠨ | ᠳᠥᠷᠪᠡᠳᠦᠭᠡᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠵᠢᠴᠢ ᠥᠪᠥᠷ ᠮᠣᠩᠭᠤᠯ ᠤᠨ ᠬᠢᠲᠠᠳ ᠡᠮ ᠤᠨ | ᠮᠠᠲ᠋ᠧᠷᠢᠶᠠᠯ ᠤᠨ ᠵᠠᠬ᠎ᠠ ᠳᠡᠯᠭᠡᠭᠦᠷ ᠨᠡᠭᠡᠭᠡᠬᠦ ᠡᠬᠢᠯᠡᠯᠲᠡ ᠶᠢᠨ ᠶᠣᠰᠣᠯᠠᠯ 8 ᠰᠠᠷ᠎ᠠ ᠶᠢᠨ 7 ᠤ ᠡᠳᠦᠷ ᠠᠴᠠ 9 ᠤ | ᠡᠳᠦᠷ ᠪᠣᠯᠲᠠᠯ᠎ᠠ ᠬᠠᠷᠠᠴᠢᠨ ᠬᠤᠰᠢᠭᠤᠨ ᠳᠤ ᠶᠠᠪᠤᠭᠳᠠᠵᠤ᠂ ᠦᠢᠯᠡᠳᠬᠦᠨ ᠤ ᠦᠵᠡᠭᠦᠯᠦᠯᠭᠡ᠂ ᠮᠡᠷᠭᠡᠵᠢᠯ ᠤᠨ | ᠰᠣᠯᠢᠯᠴᠠᠭ᠎ᠠ᠂ ᠲᠤᠷᠰᠢᠯᠭ᠎ᠠ ᠪᠠᠨ ᠬᠤᠪᠢᠶᠠᠯᠴᠠᠬᠤ᠂ ᠡᠬᠢ ᠪᠠᠶᠠᠯᠢᠭ ᠢ ᠵᠣᠯᠭᠠᠭᠤᠯᠬᠤ᠂ ᠦᠢᠯᠡᠳᠬᠦᠨ ᠤ ᠠᠷᠠᠯᠵᠢᠶ᠎ᠠ᠂ | ᠲᠥᠷᠥᠯ ᠵᠦᠢᠯ ᠤᠨ ᠵᠥᠪᠳᠡᠯᠴᠡᠭᠡ ᠬᠢᠬᠦ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠪᠠᠷ ᠳᠠᠮᠵᠢᠭᠤᠯᠤᠨ᠂ ᠠᠵᠤ | ᠦᠢᠯᠡᠰ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠦᠢᠯᠡᠰ ᠢ ᠤᠷᠲᠤᠳᠬᠠᠨ᠂ ᠵᠠᠬ᠎ᠠ ᠳᠡᠯᠭᠡᠭᠦᠷ ᠢ | ᠥᠷᠭᠡᠳᠬᠡᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠬᠠᠷᠠᠴᠢᠨ ᠬᠤᠰᠢᠭᠤᠨ ᠤ ᠬᠢᠲᠠᠳ | ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠣᠯᠤᠨ᠎ᠠ᠃ | ᠬᠤᠷᠠᠯ ᠳᠡᠭᠡᠷ᠎ᠡ᠂ ᠱᠢ ᡁᠢ ᠯᠢᠶᠠᠩ ᠵᠢᠭᠠᠵᠤ ᠭᠠᠷᠭᠠᠭᠰᠠᠨ ᠨᠢ᠂ ᠬᠠᠷᠠᠴᠢᠨ ᠬᠤᠰᠢᠭᠤᠨ ᠤ ᠬᠢᠲᠠᠳ ᠡᠮ ᠤᠨ | ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠬᠥᠭᠵᠢᠯᠲᠡ ᠨᠢ ᠣᠲᠣ ᠪᠣᠯᠲᠠᠯ᠎ᠠ | ᠨᠢᠭᠡᠨᠲᠡ ᠭᠤᠷᠪᠠᠨ ᠵᠠᠭᠤ ᠭᠠᠷᠤᠶ ᠵᠢᠯ ᠤᠨ ᠲᠡᠤᠬᠡ ᠲᠠᠢ ᠪᠣᠯᠵᠤ᠂ ᠮᠠᠨ ᠤ ᠤᠯᠤᠰ ᠤᠨ ᠤᠮᠠᠷᠠᠲᠤ ᠶᠢᠨ ᠵᠢᠩᠬᠢᠨᠢ | ᠡᠮ ᠤᠨ ᠮᠠᠲ᠋ᠧᠷᠢᠶᠠᠯ ᠤᠨ ᠭᠤᠤᠯ ᠭᠠᠷᠤᠯᠲᠠ ᠶᠢᠨ ᠣᠷᠣᠨ ᠤ ᠨᠢᠭᠡ ᠪᠣᠯᠤᠭᠰᠠᠨ ᠪᠥᠭᠡᠳ ᠪᠥᠬᠦ ᠬᠤᠰᠢᠭᠤᠨ ᠤ | ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠳᠠᠷᠢᠬᠤ ᠲᠠᠯᠠᠪᠠᠶ 15.8 ᠲᠦᠮᠡᠨ ᠮᠥ ᠳᠤ | ᠬᠦᠷᠴᠦ᠂ 500 ᠮᠥ ᠠᠴᠠ ᠳᠡᠭᠡᠭᠰᠢᠬᠢ ᠲᠠᠷᠢᠮᠠᠯ ᠤᠨ ᠰᠠᠭᠤᠷᠢᠨ ᠭᠠᠵᠠᠷ 77 ᠪᠠᠶᠢᠵᠤ᠂ ᠨᠢᠭᠡᠨᠲᠡ ᠷᠦᠩ ᠰᠢᠩ | ᠲᠠᠩ᠂ ᠮᠧᠩ ᠶᠤᠸᠠᠨ ᠳᠠᠩ᠂ ᠳ᠋ᠠ ᠱᠧᠩ ᠳᠠᠩ᠂ ᠪᠠᠢ ᠼᠤᠤ ᠽᠦᠩ᠂ ᠤᠯᠤᠰ ᠤᠨ ᠡᠮ ᠤᠨ ᠦᠷ᠎ᠡ ᠶᠢᠨ ᠦᠢᠯᠡᠰ | ᠵᠡᠷᠭᠡ ᠡᠮ ᠤᠨ ᠮᠠᠲ᠋ᠧᠷᠢᠶᠠᠯ ᠡᠳ᠋ᠰᠢᠭᠦᠯᠬᠦ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢ ᠪᠤᠶᠢᠵᠢᠭᠤᠯᠤᠨ ᠬᠥᠭᠵᠢᠭᠦᠯᠵᠦ᠂ ᠡᠷᠬᠢᠨ ᠲᠣᠭᠤᠷᠢᠨ ᠤ ᠭᠠᠵᠠᠷ ᠣᠷᠣᠨ ᠳᠤ 40 ᠭᠠᠷᠤᠶ ᠲᠦᠮᠡᠨ ᠮᠥ | ᠳᠠᠷᠢᠵᠤ᠂ ᠪᠥᠬᠦ ᠤᠯᠤᠰ ᠤᠨ 28 ᠮᠤᠵᠢ ᠬᠤᠲᠠ ᠣᠷᠣᠨ ᠲᠠᠢ ᠲᠣᠭᠲᠠᠭᠤᠨ ᠡᠵᠡᠩᠨᠡᠨ ᠪᠣᠷᠣᠯᠠᠭᠤᠯᠬᠤ | ᠲᠤᠬᠠᠶᠢᠯᠠᠭᠰᠠᠨ ᠠᠵᠢᠯ ᠤᠨ ᠬᠠᠷᠢᠴᠠᠭ᠎ᠠ ᠪᠠᠶᠢᠭᠤᠯᠤᠨ᠂ ᠵᠠᠬ᠎ᠠ ᠳᠡᠯᠭᠡᠭᠦᠷ ᠤᠨ ᠵᠠᠭᠤᠴᠢᠯᠠᠭᠴᠢ ᠶᠢᠨ ᠡᠩᠨᠡᠭᠡ 1200 | ᠭᠠᠷᠤᠶ ᠬᠥᠮᠦᠨ ᠳᠤ ᠬᠦᠷᠴᠦ᠂ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠨᠢ 37 ᠳ᠋ᠦᠩᠰᠢᠭᠤᠷ ᠲᠥᠭᠦᠷᠢᠭ ᠲᠤ | ᠬᠦᠷᠴᠡᠶ᠃ ᠶᠡᠭᠡ ᠬᠤᠷᠠᠯ ᠢ ᠨᠢᠭᠡᠨᠲᠡ ᠵᠠᠯᠭᠠᠭ᠎ᠠ ᠪᠠᠷ ᠭᠤᠷᠪᠠᠨ ᠬᠤᠭᠤᠴᠠᠭ᠎ᠠ ᠠᠮᠵᠢᠯᠲᠠ ᠲᠠᠢ ᠡᠷᠬᠢᠯᠡᠵᠦ᠂ ᠪᠥᠬᠦ | ᠤᠯᠤᠰ ᠤᠨ ᠡᠯ᠎ᠡ ᠭᠠᠵᠠᠷ ᠤᠨ ᠡᠮ ᠡᠮᠨᠡᠯᠭᠡ ᠶᠢᠨ ᠠᠵᠢᠯ ᠲᠥᠷᠥᠯ ᠠᠴᠠ ᠢᠷᠡᠭᠰᠡᠨ ᠲᠤᠰᠬᠠᠶ ᠮᠡᠷᠭᠡᠵᠢᠯᠲᠡᠨ᠂ | ᠡᠷᠳᠡᠮᠲᠡᠨ᠂ ᠠᠵᠤ ᠠᠬᠤᠶᠢᠯᠠᠯᠲᠠᠨ ᠢ 2000 ᠭᠠᠷᠤᠶ ᠬᠥᠮᠦᠨ ᠤᠳᠠᠭ᠎ᠠ ᠲᠡᠳᠡᠨ ᠠᠪᠴᠢᠷᠠᠵᠤ᠂ ᠵᠠᠭᠤ ᠰᠢᠬᠠᠮ | ᠡᠮ ᠤᠨ ᠠᠵᠤ ᠠᠬᠤᠶᠢᠯᠠᠯ ᠬᠠᠷᠠᠴᠢᠨ ᠬᠤᠰᠢᠭᠤ ᠲᠠᠢ ᠬᠠᠩᠭᠠᠨ ᠪᠣᠷᠣᠯᠠᠭᠤᠯᠬᠤ ᠬᠡᠯᠡᠯᠴᠡᠭᠡᠷ ᠲᠣᠭᠲᠠᠵᠤ᠂ ᠪᠦᠬᠦ | ᠤᠯᠤᠰ ᠲᠤ ᠴᠢᠩᠭ᠎ᠠ ᠲᠤᠰᠬᠠᠯ ᠭᠠᠷᠪᠠ᠃ | |