ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠤᠯᠠᠭᠠᠨᠬᠠᠳᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠰᠦᠯᠵᠢᠶᠡᠨ ᠤ ᠭᠤᠤᠯ ᠰᠡᠳᠦᠪᠲᠦ ᠤᠬᠠᠭᠤᠯᠭ᠎ᠠ ᠶᠢᠨ ᠪᠦᠯᠬᠦᠮ ᠬᠠᠷᠠᠴᠢᠨ ᠬᠤᠰᠢᠭᠤᠨ ᠳᠤ ᠣᠷᠣᠪᠠ
ᠨᠡᠶᠢᠲᠡᠯᠡᠭᠰᠡᠨ ᠴᠠᠭ᠄
2024/7/30
ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠤᠯᠠᠭᠠᠨᠬᠠᠳᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠰᠦᠯᠵᠢᠶᠡᠨ ᠤ ᠭᠤᠤᠯ ᠰᠡᠳᠦᠪᠲᠦ ᠤᠬᠠᠭᠤᠯᠭ᠎ᠠ ᠶᠢᠨ ᠪᠦᠯᠬᠦᠮ ᠬᠠᠷᠠᠴᠢᠨ ᠬᠤᠰᠢᠭᠤᠨ ᠳᠤ ᠣᠷᠣᠪᠠ  7 ᠰᠠᠷ᠎ᠠ ᠶᠢᠨ 30 ᠤ ᠡᠳᠦᠷ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠤᠯᠠᠭᠠᠨᠬᠠᠳᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠰᠦᠯᠵᠢᠶᠡᠨ ᠤ ᠭᠤᠤᠯ ᠰᠡᠳᠦᠪᠲᠦ ᠤᠬᠠᠭᠤᠯᠭ᠎ᠠ ᠶᠢᠨ ᠪᠦᠯᠬᠦᠮ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠪᠠ᠃ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠳᠡᠳ᠋ ᠡᠷᠬᠢᠯᠡᠭᠴᠢ ᠯᠢ ᠳ᠋ᠧ ᠭᠠᠩ᠂ ᠰᠦᠯᠵᠢᠶᠡᠨ ᠤ ᠰᠣᠨᠢᠨ ᠮᠡᠳᠡᠭᠡ ᠮᠡᠳᠡᠭᠡ ᠵᠠᠩᠭᠢ ᠤᠯᠠᠮᠵᠢᠯᠠᠬᠤ ᠭᠠᠵᠠᠷ ᠤᠨ ᠳᠠᠷᠤᠭ᠎ᠠ ᠢᠦᠶ ᠹᠸᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠰᠦᠯᠵᠢᠶᠡᠨ ᠤ ᠳᠠᠮᠵᠢᠭᠤᠯᠭ᠎ᠠ ᠶᠢᠨ ᠭᠠᠵᠠᠷ ᠤᠨ ᠳᠠᠷᠤᠭ᠎ᠠ ᠳ᠋ᠦ᠋ ᠢᠦᠶ ᠮᠥᠸᠧ᠂ ᠲᠥᠪ ᠤᠨ ᠷᠠᠳᠢᠣ᠋ ᠰᠦᠯᠵᠢᠶ᠎ᠡ ᠶᠢᠨ ᠥᠪᠥᠷ ᠮᠣᠩᠭᠤᠯ ᠤᠨ ᠰᠤᠪᠠᠭ ᠤᠨ ᠶᠡᠷᠦᠩᠬᠡᠶ ᠳᠠᠭᠠᠭᠠᠮᠠᠯ ᠵᠦ᠋ ᠷᠢ ᠯᠢᠩ᠂ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠡᠷᠬᠢᠯᠡᠭᠴᠢ ᠯᠦ ᠰᠢᠤ ᠴᠢᠩ᠂ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠳᠡᠳ᠋ ᠡᠷᠬᠢᠯᠡᠭᠴᠢ ᠸᠠᠩ ᠵᠢᠶᠠᠨ ᠰᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠬᠠᠶ ᠮᠧᠶ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  ᠲᠥᠪ ᠤᠨ ᠰᠣᠨᠢᠨ ᠮᠡᠳᠡᠭᠡᠨ ᠤ ᠰᠦᠯᠵᠢᠶ᠎ᠡ᠂ ᠪᠡᠭᠡᠵᠢᠩ ᠬᠤᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ᠂ ᠬᠠᠷᠠᠴᠢᠨ ᠬᠤᠰᠢᠭᠤᠨ ᠤ ᠰᠦᠯᠵᠢᠶᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠲᠥᠯᠥᠭᠡᠯᠡᠭᠴᠢ᠂ ᠪᠡᠭᠡᠵᠢᠩ ᠬᠤᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠨᠡᠷᠡᠲᠦ ᠬᠥᠮᠦᠰ ᠤᠨ ᠲᠥᠯᠥᠭᠡᠯᠡᠭᠴᠢ ᠵᠡᠷᠭᠡ 50 ᠭᠠᠷᠤᠶ ᠬᠥᠮᠦᠨ ᠪᠠᠶᠢᠵᠤ᠂ ᠸᠠᠩ ᠶᠧ ᠹᠦ᠋ ᠪᠠᠯᠭᠠᠰᠤᠨ ᠤ ᠯᠠᠮᠠ ᠶᠢᠨ ᠭᠠᠵᠠᠷ ᠲᠣᠰᠬᠤᠨ ᠤ ᠲᠦᠬᠦᠭᠡᠷᠦᠮᠵᠢᠲᠦ ᠲᠠᠷᠢᠶᠠᠯᠠᠩ ᠤᠨ ᠰᠠᠭᠤᠷᠢᠨ ᠭᠠᠵᠠᠷ᠂ ᠮᠠ ᠠᠨ ᠱᠠᠨ ᠣᠢ ᠰᠢᠭᠤᠶ ᠶᠢᠨ ᠲᠠᠯᠠᠪᠠᠶ᠂ ᠾᠧᠨᠠᠨ ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ ᠤ ᠠᠷᠠᠳ ᠤᠨ ᠵᠥᠪᠯᠡᠯ᠂ ᠪᠠᠭ᠎ᠠ ᠨᠡᠭᠦᠴᠡ ᠪᠠᠯᠭᠠᠰᠤᠨ ᠤ ᠵᠢᠦ ᠮᠦ ᠾᠧ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠶᠢᠨ ᠳ᠋ᠦ᠋ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠢᠨᠱᠠᠨ ᠪᠠᠯᠭᠠᠰᠤᠨ ᠤ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠵᠤ᠂ ᠬᠠᠷᠠᠴᠢᠨ ᠤ ᠴᠤᠭ ᠵᠢᠪᠬᠤᠭ᠎ᠠ ᠶᠢ ᠢᠯᠡᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃  ᠭᠤᠤᠯ ᠰᠡᠳᠦᠪᠲᠦ ᠤᠬᠠᠭᠤᠯᠭ᠎ᠠ ᠶᠢᠨ ᠪᠦᠯᠬᠦᠮ ᠨᠢᠭᠡ ᠪᠦᠯᠦᠭ ᠰᠢᠯᠢᠳᠡᠭ ᠰᠦᠯᠵᠢᠶᠡᠨ ᠤ ᠰᠣᠨᠢᠨ ᠮᠡᠳᠡᠭᠡᠨ ᠤ ᠪᠦᠲᠦᠭᠡᠯ ᠢ ᠵᠣᠬᠢᠶᠠᠨ ᠪᠦᠲᠦᠭᠡᠵᠦ᠂ ᠮᠠᠨ ᠤ ᠬᠤᠰᠢᠭᠤᠨ ᠤ ᠶᠡᠷᠦᠩᠬᠡᠶ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠲᠠᠪᠤᠨ ᠶᠡᠭᠡ ᠡᠭᠦᠷᠭᠡ︾ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠭᠦᠢᠴᠡᠳ ᠳᠡᠯᠭᠡᠨ ᠦᠵᠡᠭᠦᠯᠵᠦ᠂ ᠣᠲᠣ ᠪᠣᠯᠲᠠᠯ᠎ᠠ᠂ ᠲᠥᠪ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠨᠡᠶᠢᠲᠡᠯᠡᠭᠰᠡᠨ ᠪᠦᠲᠦᠭᠡᠯ ᠤᠨ ᠲᠣᠲᠤᠷᠬᠠᠶᠢᠯᠠᠯᠲᠠ ᠶᠢᠨ ᠨᠣᠷᠮ᠎ᠠ ᠴᠥᠮ 50 ᠲᠦᠮᠡ ᠶᠢ ᠳᠠᠪᠠᠵᠤ᠂ ᠬᠠᠷᠠᠴᠢᠨ ᠬᠤᠰᠢᠭᠤᠨ ᠤ ᠥᠯᠢᠭᠡᠷ ᠢ ᠰᠠᠶᠢᠲᠤᠷ ᠶᠠᠷᠢᠵᠤ᠂ ᠬᠠᠷᠠᠴᠢᠨ ᠤ ᠲᠠᠭᠤᠨ ᠢ ᠰᠠᠶᠢᠲᠤᠷ ᠳᠠᠮᠵᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃   
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号