ᠬᠠᠷᠠᠴᠢᠨ ᠬᠤᠰᠢᠭᠤᠨ ᠤ ᠠᠩᠬᠠᠳᠤᠭᠠᠷ | ᠬᠤᠭᠤᠴᠠᠭᠠᠨ ᠤ ᠠᠭᠤᠷᠬᠠᠶ ᠶᠢᠨ ᠦᠢᠯᠡᠰ ᠤᠨ | ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢᠨ ᠶᠡᠭᠡ ᠬᠤᠷᠠᠯ ᠬᠤᠷᠠᠯᠳᠤᠪᠠ | 8 ᠰᠠᠷ᠎ᠠ ᠶᠢᠨ 1 ᠤ ᠡᠳᠦᠷ᠂ ᠬᠠᠷᠠᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠠᠭᠤᠷᠬᠠᠶ ᠶᠢᠨ | ᠦᠢᠯᠡᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠮᠠ ᠠᠨ ᠱᠠᠨ ᠤ ᠼᠠᠢ ᠲᠢ ᠣᠶ | ᠰᠢᠭᠤᠶ ᠶᠢᠨ ᠪᠠᠭᠤᠳᠠᠯ ᠳᠤ ᠬᠤᠷᠠᠯᠳᠤᠪᠠ᠃ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠣᠣ ᠼᠠᠢ | ᠱᠧᠩ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠭᠠᠵᠠᠷ ᠰᠢᠨᠵᠢᠯᠡᠭᠡᠨ ᠤ | ᠬᠠᠶᠢᠨ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠵᠧᠤ ᠫᠧᠩ ᠬᠠᠨ᠂ ᠥᠪᠡᠷᠲᠡᠭᠡᠨ ᠵᠠᠰᠠᠬᠤ | ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠤᠨ ᠡᠬᠢ ᠪᠠᠶᠠᠯᠢᠭ ᠤᠨ | ᠦᠨᠡᠯᠡᠯᠲᠡ ᠶᠢᠨ ᠬᠡᠯᠲᠡᠰ ᠤᠨ ᠳᠡᠳ᠋ ᠳᠠᠷᠤᠭ᠎ᠠ ᠭᠦᠸᠧ ᠯᠢᠩ ᠵᠢᠶᠦ᠋ᠨ᠂ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ | ᠦ᠋ ᠵᠢᠶᠦ᠋ᠨ ᠯᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠵᠠᠰᠠᠭ ᠤᠨ ᠣᠷᠳᠣᠨ ᠤ ᠬᠤᠰᠢᠭᠤᠨ | ᠳᠠᠷᠤᠭ᠎ᠠ ᠵᠣᠣ ᠶᠠᠨ ᠬᠤᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ | ᠵᠠᠩ ᠬᠤᠸᠠ ᠵᠢᠴᠢ ᠬᠡᠷ ᠲᠡᠭᠡᠨ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ ᠣᠷᠣᠯᠴᠠᠵᠠᠶ᠃ ᠳᠤᠮᠳᠠᠳᠤ | ᠤᠯᠤᠰ ᠤᠨ ᠭᠠᠵᠠᠷ ᠰᠢᠨᠵᠢᠯᠡᠭᠡᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠭᠤᠷᠬᠠᠢ ᠶᠢᠨ ᠡᠬᠢ ᠪᠠᠶᠠᠯᠢᠭ ᠤᠨ | ᠰᠤᠳᠤᠯᠭᠠᠨ ᠤ ᠭᠠᠵᠠᠷ ᠤᠨ ᠨᠠᠮ ᠤᠨ ᠬᠤᠷᠢᠶᠠᠨ ᠤ ᠱᠦᠵᠢ᠂ ᠳᠡᠳ᠋ ᠳᠠᠷᠤᠭ᠎ᠠ ᠴᠧᠨ ᠷᠧᠨ ᠢ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠰᠢᠨᠵᠢᠯᠡᠭᠡ ᠬᠢᠭᠡᠳ ᠳᠡᠯᠡᠬᠡᠢ ᠶᠢᠨ ᠹᠢᠽᠢᠺ ᠤᠨ | ᠰᠤᠳᠤᠯᠭᠠᠨ ᠤ ᠭᠠᠵᠠᠷ ᠤᠨ ᠰᠤᠳᠤᠯᠤᠭᠴᠢ︔ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠯᠢᠦ ᠵᠢᠶᠠᠨ ᠮᠢᠩ᠂ ᠳᠤᠮᠳᠠᠳᠤ | ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠶᠢᠨ ᠬᠥᠭᠵᠢᠯᠲᠡ ᠶᠢᠨ ᠲᠥᠯᠥᠪᠵᠢᠭᠦᠯᠭᠡ | ᠬᠢᠭᠡᠳ ᠰᠢᠨᠵᠢᠯᠡᠭᠡᠨ ᠤ ᠪᠦᠲᠦᠭᠡᠨ ᠪᠠᠶᠢᠭᠤᠯᠤᠯᠲᠠ ᠶᠢᠨ ᠭᠠᠵᠠᠷ ᠤᠨ ᠳᠠᠷᠤᠭ᠎ᠠ ᠵᠠᠩ ᠱᠸᠤ ᠲᠢᠩ ᠵᠡᠷᠭᠡ ᠬᠦᠨᠳᠦᠲᠦ | ᠵᠣᠴᠢᠳ ᠣᠷᠣᠯᠴᠠᠪᠠ᠃ ᠪᠥᠬᠦ ᠤᠯᠤᠰ ᠤᠨ ᠡᠯ᠎ᠡ ᠭᠠᠵᠠᠷ ᠤᠨ ᠠᠭᠤᠷᠬᠠᠶ ᠶᠢᠨ ᠦᠢᠯᠡᠰ ᠤᠨ ᠲᠤᠰᠬᠠᠶ ᠮᠡᠷᠭᠡᠵᠢᠯᠲᠡᠨ | ᠂ ᠫᠷᠤᠹᠧᠰᠰᠤᠷ᠂ ᠠᠵᠤ ᠠᠬᠤᠶᠢᠯᠠᠯᠲᠠᠨ ᠤ ᠲᠥᠯᠥᠭᠡᠯᠡᠭᠴᠢ᠂ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠨᠠᠮ ᠵᠠᠰᠠᠭ ᠤᠨ ᠬᠠᠷᠢᠭᠤᠴᠠᠯᠭᠠᠲᠠᠨ᠂ ᠪᠥᠬᠦ ᠬᠤᠰᠢᠭᠤᠨ ᠤ ᠡᠯ᠎ᠡ ᠲᠥᠷᠥᠯ ᠤᠨ ᠠᠭᠤᠷᠬᠠᠶ ᠶᠢᠨ | ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠤᠨ | ᠰᠤᠷᠪᠤᠯᠵᠢᠯᠠᠭᠴᠢ ᠬᠤᠷᠠᠯ ᠳᠤ ᠣᠷᠣᠯᠴᠠᠵᠠᠶ᠃ | ᠵᠣᠣ ᠼᠠᠢ ᠱᠧᠩ ᠪᠠᠶᠠᠷ ᠤᠨ ᠦᠭᠡ ᠳᠡᠭᠡᠨ᠂ ᠣᠳᠣᠬᠠᠨ ᠳᠤ᠂ ᠤᠯᠤᠰ ᠠᠴᠠ ᠰᠢᠨ᠎ᠡ ᠨᠢᠭᠡ ᠡᠭᠡᠯᠵᠢ ᠶᠢᠨ | ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠶ ᠳᠥᠯᠭᠢᠨ | ᠠᠬᠢᠭᠤᠯᠵᠤ ᠪᠠᠶᠢᠨ᠎ᠠ᠂ ᠤᠯᠠᠭᠠᠨᠬᠠᠳᠠ ᠬᠤᠲᠠ ᠡᠨᠡ ᠬᠦ ᠴᠢᠬᠤᠯᠠ ᠶᠡᠭᠡ ᠠᠵᠠ ᠲᠣᠬᠢᠶᠠᠯ ᠢ ᠵᠠᠪᠳᠤᠨ ᠠᠳᠬᠤᠵᠤ᠂ | ᠥᠪᠥᠷ ᠮᠣᠩᠭᠤᠯ ᠤᠨ ᠵᠡᠭᠦᠨ ᠬᠡᠰᠡᠭ ᠤᠨ ᠤᠯᠤᠰ ᠤᠨ ᠲᠠᠰ ᠤᠨ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ | ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠲᠠᠢ ᠤᠶᠠᠯᠳᠤᠭᠤᠯᠤᠨ᠂ ᠠᠭᠤᠷᠬᠠᠶ ᠶᠢᠨ ᠦᠢᠯᠡᠰ ᠤᠨ ᠠᠵᠤ | ᠠᠬᠤᠶ ᠶᠢ ᠡᠷᠡᠰ ᠭᠤᠶᠢᠪᠢᠰᠢ ᠥᠬᠡᠶ ᠰᠢᠯᠢᠳᠡᠭᠵᠢᠭᠦᠯᠦᠨ ᠬᠦᠴᠦᠷᠬᠡᠭᠵᠢᠭᠦᠯᠵᠦ ᠪᠠᠶᠢᠨ᠎ᠠ᠃ ᠬᠠᠷᠠᠴᠢᠨ ᠬᠤᠰᠢᠭᠤ ᠨᠢ | ᠤᠯᠠᠭᠠᠨᠬᠠᠳᠠ ᠬᠤᠲᠠ ᠶᠢᠨ ᠠᠭᠤᠷᠬᠠᠶ ᠶᠢᠨ ᠦᠢᠯᠡᠰ ᠤᠨ ᠠᠵᠤ ᠠᠬᠤᠶ ᠶᠢ ᠬᠥᠭᠵᠢᠭᠦᠯᠬᠦ ᠭᠤᠤᠯ ᠲᠡᠶᠢᠨ ᠤ | ᠲᠠᠯᠠᠪᠤᠷ ᠤᠨ ᠨᠢᠭᠡ ᠪᠣᠯᠤᠭᠰᠠᠨ ᠤ ᠬᠤᠪᠢ ᠳᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠭᠤᠷᠬᠠᠶ ᠶᠢ ᠬᠠᠶᠢᠨ | ᠰᠢᠨᠵᠢᠵᠦ ᠬᠠᠳᠠᠭᠠᠯᠠᠬᠤ ᠶᠢ ᠨᠡᠮᠡᠭᠳᠡᠭᠦᠯᠬᠦ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ︽ᠭᠤᠷᠪᠠᠨ | ᠠᠵᠢᠯ︾ ᠢ ᠲᠣᠪᠤᠶᠢᠮ᠎ᠠ ᠰᠠᠶᠢᠲᠤᠷ ᠬᠢᠵᠦ᠂ ᠪᠥᠬᠦ ᠬᠦᠴᠦᠨ ᠢᠶᠠᠷ ᠢᠶᠠᠨ ᠰᠢᠯᠢᠳᠡᠭ ᠢ ᠬᠥᠮᠦᠵᠢᠭᠦᠯᠦᠨ ᠬᠦᠴᠦᠷᠬᠡᠭ ᠢ | ᠣᠷᠣᠭᠤᠯᠵᠤ᠂ ᠬᠡᠪᠴᠢᠶ᠎ᠡ ᠶᠢ ᠥᠷᠭᠡᠳᠬᠡᠨ᠂ ᠵᠠᠭᠤᠨ ᠳ᠋ᠦᠩᠰᠢᠭᠤᠷ ᠲᠠᠰ ᠤᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ | ᠮᠠᠲ᠋ᠧᠷᠢᠶᠠᠯ ᠤᠨ ᠠᠵᠤ ᠦᠢᠯᠡᠰ ᠤᠨ ᠪᠥᠭᠡᠮᠨᠡᠷᠡᠯ ᠪᠠ ᠬᠠᠶᠢᠯᠤᠭᠤᠷ ᠵᠣᠩᠰᠢ ᠶᠢ ᠡᠳ᠋ᠰᠢᠭᠦᠯᠬᠦ᠂ ᠰᠢᠵᠢᠷ ᠠᠯᠲᠠᠨ | ᠲᠡᠮᠦᠷᠯᠢᠭ ᠪᠣᠯᠪᠠᠰᠤᠷᠠᠭᠤᠯᠬᠤ ᠬᠤᠶᠠᠷ 10 ᠳ᠋ᠦᠩᠰᠢᠭᠤᠷ ᠲᠠᠰ ᠤᠨ ᠠᠵᠤ ᠦᠢᠯᠡᠰ ᠤᠨ ᠪᠥᠭᠡᠮᠨᠡᠷᠡᠯ ᠢ ᠬᠦᠴᠦᠯᠡᠨ | ᠪᠣᠶ ᠪᠣᠯᠭᠠᠪᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠥᠯᠥᠪᠵᠢᠭᠦᠯᠭᠡ ᠪᠠᠷ ᠬᠥᠲᠥᠯᠥᠨ | ᠳᠠᠭᠠᠭᠤᠯᠬᠤ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠠᠷᠠᠴᠢᠨ ᠳᠤ ᠪᠥᠬᠦ ᠲᠠᠯ᠎ᠠ ᠶᠢᠨ ᠳᠡᠮᠵᠢᠯᠭᠡ | ᠬᠠᠪᠰᠤᠷᠤᠯᠭ᠎ᠠ ᠦᠵᠡᠭᠦᠯᠵᠦ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠨᠡᠨ ᠬᠦ ᠴᠢᠩᠭ᠎ᠠ ᠬᠦᠴᠦᠲᠡᠶ ᠪᠣᠯᠭᠠᠨ᠎ᠠ ᠭᠡᠵᠦ ᠵᠢᠭᠠᠵᠤ | ᠭᠠᠷᠭᠠᠪᠠ᠃ | ᠵᠤᠤ ᠶᠠᠨ ᠬᠤᠩ ᠵᠢᠭᠠᠵᠤ ᠭᠠᠷᠭᠠᠭᠰᠠᠨ ᠨᠢ᠂ ᠬᠠᠷᠠᠯᠲᠠ ᠪᠠᠨ ᠴᠢᠩᠭ᠎ᠠ ᠠᠳᠬᠤᠵᠤ᠂ ᠠᠭᠤᠷᠬᠠᠢ ᠶᠢᠨ | ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠷᠦᠩᠬᠡᠢ ᠵᠢᠷᠤᠭ ᠲᠥᠯᠥᠪᠯᠡᠭᠡ ᠶᠢ ᠵᠢᠷᠤᠭᠯᠠᠬᠤ | ᠬᠡᠷᠡᠭᠲᠡᠢ᠃ ᠬᠠᠷᠠᠴᠢᠨ ᠬᠤᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ᠂ | ︽ᠠᠯᠲᠠ᠂ ᠴᠢᠯᠠᠭᠤ᠂ ᠤᠰᠤ︾ ᠵᠡᠷᠭᠡ ᠭᠤᠷᠪᠠᠨ ᠲᠥᠷᠥᠯ ᠤᠨ ᠠᠭᠤᠷᠬᠠᠶ ᠶᠢᠨ ᠦᠢᠯᠡᠰ ᠤᠨ ᠠᠵᠤ | ᠠᠬᠤᠶ ᠶᠢ ᠠᠳᠬᠤᠬᠤ ᠬᠥᠭᠵᠢᠯᠲᠡ ᠶᠢᠨ ᠰᠡᠳᠬᠢᠴᠡ ᠶᠣᠰᠣᠭᠠᠷ᠂ 2025 ᠤᠨ ᠪᠣᠯᠬᠤ ᠳᠤ᠂ ᠴᠣᠬᠤᠢ ᠶᠢᠨ | ᠴᠢᠯᠠᠭᠤ ᠶᠢ ᠨᠠᠷᠢᠯᠢᠭ ᠭᠦᠨᠵᠡᠭᠡᠶ ᠡᠳ᠋ᠰᠢᠭᠦᠯᠬᠦ ᠵᠠᠭᠤᠨ ᠳ᠋ᠦᠩᠰᠢᠭᠤᠷ ᠲᠠᠰ ᠤᠨ ᠠᠵᠤ ᠦᠢᠯᠡᠰ ᠤᠨ ᠪᠥᠭᠡᠮᠨᠡᠷᠡᠯ ᠪᠠ | ᠰᠢᠵᠢᠷ ᠠᠯᠲᠠᠨ ᠪᠣᠯᠪᠠᠰᠤᠷᠠᠭᠤᠯᠬᠤ᠂ ᠬᠠᠶᠢᠯᠤᠭᠤᠷ ᠴᠢᠯᠠᠭᠤ ᠡᠳ᠋ᠰᠢᠭᠦᠯᠬᠦ ᠬᠤᠶᠠᠷ ᠠᠷᠪᠠᠨ ᠳ᠋ᠦᠩᠰᠢᠭᠤᠷ ᠲᠠᠰ ᠤᠨ | ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠬᠤ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠪᠡ᠃ | ᠵᠤᠤ ᠶᠠᠨ ᠬᠤᠩ ᠴᠢᠬᠤᠯᠠᠴᠢᠯᠠᠭᠰᠠᠨ ᠨᠢ᠂ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ | ᠭᠤᠶᠢᠪᠢᠰᠢ ᠦᠭᠡᠢ ᠪᠠᠷᠢᠮᠲᠠᠯᠠᠵᠤ᠂ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠢᠪᠲᠤᠯᠤᠯᠲᠠ ᠶᠢᠨ ᠴᠡᠭ ᠢ ᠣᠨᠣᠪᠴᠢᠲᠠᠶ ᠡᠷᠢᠵᠦ ᠤᠯᠬᠤ ᠬᠡᠷᠡᠭᠲᠡᠶ᠃ ᠠᠭᠤᠷᠬᠠᠢ ᠶᠢ | ᠣᠨᠣᠪᠴᠢᠲᠠᠢ ᠬᠠᠶᠢᠨ ᠰᠢᠨᠵᠢᠯᠡᠵᠦ᠂ ᠬᠠᠶᠢᠨ ᠪᠠᠶᠢᠴᠠᠭᠠᠬᠤ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠬᠤ ᠶᠢᠨ | ᠬᠠᠮᠲᠤ᠂ ᠡᠬᠢ ᠪᠠᠶᠠᠯᠢᠭ ᠤᠨ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠶᠢ ᠲᠦᠷᠭᠡᠳᠬᠡᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ | ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠴᠢᠬᠤᠯᠠ ᠠᠴᠠ | ᠴᠢᠬᠤᠯᠠ ᠵᠦᠢᠯ ᠪᠣᠯᠭᠠᠵᠤ᠂ ᠡᠬᠢ ᠪᠠᠶᠠᠯᠢᠭ ᠢ ᠵᠠᠯᠭᠠᠨ ᠠᠪᠬᠤ᠂ ᠪᠠᠶᠢᠯᠳᠤᠬᠤ ᠪᠣᠳᠣᠯᠭ᠎ᠠ ᠪᠠᠷ ᠳᠠᠬᠢᠨ ᠵᠣᠬᠢᠶᠠᠨ | ᠪᠠᠶᠢᠭᠤᠯᠬᠤ᠂ ᠡᠷᠴᠢᠮᠵᠢᠭᠦᠯᠦᠨ ᠬᠥᠭᠵᠢᠭᠦᠯᠬᠦ ᠶᠢᠨ ᠲᠣᠭᠤᠷᠢᠨ ᠳᠤ᠂ ᠨᠢᠭᠡᠨᠲᠡ ᠪᠠᠶᠢᠭᠤᠯᠤᠭᠰᠠᠨ ᠠᠭᠤᠷᠬᠠᠶ ᠶᠢᠨ | ᠦᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠶᠢᠨ ᠪᠠᠶᠢᠴᠠᠭᠠᠵᠤ ᠨᠡᠭᠡᠭᠡᠨ | ᠬᠥᠭᠵᠢᠭᠦᠯᠬᠦ ᠪᠠᠶᠢᠷᠢᠰᠢᠭᠤᠯᠤᠯᠲᠠ ᠪᠠᠨ ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠶ᠃ ᠪᠥᠭᠡᠮᠨᠡᠷᠡᠨ ᠬᠥᠭᠵᠢᠬᠦ ᠶᠢ | ᠠᠬᠢᠭᠤᠯᠵᠤ᠂ ᠪᠥᠬᠦ ᠬᠤᠰᠢᠭᠤᠨ ᠤ ᠣᠲᠣ ᠪᠠᠶᠢᠭ᠎ᠠ ᠴᠣᠬᠤᠢ ᠶᠢᠨ ᠴᠢᠯᠠᠭᠤ᠂ ᠰᠢᠵᠢᠷ ᠠᠯᠲᠠ᠂ ᠬᠠᠶᠢᠯᠤᠭᠤᠷ | ᠵᠣᠩᠰᠢ ᠵᠡᠷᠭᠡ 66 ᠨᠡᠭᠡᠭᠡᠨ ᠬᠥᠭᠵᠢᠭᠦᠯᠬᠦ ᠠᠵᠤ ᠠᠬᠤᠶᠢᠯᠠᠯ᠂ ᠡᠭᠦᠨ ᠳᠤ ᠬᠡᠪᠴᠢᠶᠡᠨ ᠠᠴᠠ ᠳᠡᠭᠡᠭᠰᠢᠬᠢ ᠠᠵᠤ | ᠠᠬᠤᠶᠢᠯᠠᠯ 9 ᠪᠠᠶᠢᠵᠤ᠂ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠨᠢ 20 ᠳ᠋ᠦᠩᠰᠢᠭᠤᠷ ᠲᠥᠭᠦᠷᠢᠭ ᠠᠴᠠ | ᠳᠡᠭᠡᠭᠰᠢ ᠳᠤ ᠬᠦᠷᠴᠦ᠂ ᠲᠠᠷᠠᠭᠠᠴᠢ ᠶᠢᠨ ᠠᠯᠬᠤᠮ ᠳᠤ ᠶᠡᠭᠡ ᠪᠠᠷ ᠪᠤᠶᠢᠵᠢᠭᠤᠯᠵᠤ ᠪᠠᠭ᠎ᠠ ᠶᠢ ᠨᠢ ᠪᠤᠶᠢᠵᠢᠭᠤᠯᠵᠤ᠂ | ᠰᠢᠨ᠎ᠡ ᠪᠠᠷ ᠰᠢᠯᠢᠳᠡᠭ ᠢ ᠡᠯᠰᠡᠵᠦ᠂ ᠬᠡᠯᠬᠢᠶ᠎ᠡ ᠶᠢ ᠤᠷᠲᠤᠳᠬᠠᠨ ᠥᠷᠲᠡᠭ ᠢ ᠨᠡᠮᠡᠭᠳᠡᠭᠦᠯᠵᠦ᠂ ᠠᠭᠤᠷᠬᠠᠶ ᠶᠢᠨ | ᠦᠢᠯᠡᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠭᠤᠤᠯᠯᠠᠬᠤ | ᠥᠷᠢᠰᠥᠯᠳᠦᠬᠦ ᠬᠦᠴᠦᠨ ᠪᠣᠯᠭᠠᠬᠤ ᠬᠡᠷᠡᠭᠲᠡᠶ᠃ | ᠵᠤᠤ ᠶᠠᠨ ᠬᠤᠩ ᠱᠠᠭᠠᠷᠳᠠᠭᠰᠠᠨ ᠨᠢ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠴᠠᠯᠠᠭᠠᠶᠢᠷᠠᠬᠤ ᠦᠭᠡᠢ | ᠪᠠᠶᠢᠵᠤ᠂ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠠᠲᠠᠬᠤ ᠬᠦᠴᠦᠨ ᠢ | ᠨᠡᠮᠡᠭᠳᠡᠭᠦᠯᠬᠦ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢ | ᠤᠨᠢᠨ ᠳᠡᠭᠡᠷ᠎ᠡ ᠨᠢ ᠬᠦᠷᠭᠡᠬᠦ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠢ ᠰᠢᠭᠤᠳ | ᠲᠦᠷᠭᠡᠨ ᠡᠳ᠋ᠯᠡᠬᠦ ᠶᠢ ᠠᠬᠢᠭᠤᠯᠵᠤ᠂ ᠲᠥᠪ ᠤᠨ ᠲᠥᠰᠦᠪ ᠤᠨ ᠳᠣᠲᠣᠷᠠᠬᠢ ᠠᠵᠤ ᠠᠬᠤᠶᠢᠯᠠᠯ ᠳᠤ ᠦᠵᠡᠭᠦᠯᠬᠦ | ᠲᠦᠷᠦ ᠶᠢᠨ ᠪᠤᠳᠤᠯᠭ᠎ᠠ ᠶᠢᠨ ᠨᠥᠬᠦᠪᠥᠷᠢ ᠶᠢ ᠤᠯᠠᠨ ᠲᠠᠯ᠎ᠠ ᠪᠠᠷ ᠣᠯᠵᠤ᠂ ᠵᠠᠰᠠᠭ ᠪᠠᠩᠬᠢ ᠠᠵᠤ ᠠᠬᠤᠶᠢᠯᠠᠯ ᠢ | ᠵᠣᠯᠭᠠᠭᠤᠯᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠰᠠᠶᠢᠨ | ᠶᠠᠪᠤᠳᠠᠯ ᠢ ᠰᠠᠶᠢᠲᠤᠷ ᠬᠢᠵᠦ᠂ ︽ᠵᠢᠩᠬᠢᠨᠢ ᠠᠯᠳᠠ ᠮᠥᠩᠭᠦ︾ ᠪᠠᠷ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ | ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠭᠠᠵᠠᠷ ᠤᠨ ᠲᠠᠰ ᠤᠨ ᠺᠠᠳ᠋ᠷ ᠤᠨ ᠠᠵᠤ ᠠᠬᠤᠶᠢᠯᠠᠯ ᠪᠠ ︽ᠲᠥᠷᠥᠯ ᠵᠦᠢᠯ ᠤᠨ ᠬᠠᠮᠢᠶᠠᠷᠤᠭᠴᠢ︾ ᠶᠢᠨ | ᠲᠦᠷᠢᠮ ᠢ ᠪᠥᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠭᠡᠷ᠎ᠡ ᠲᠣᠭᠲᠠᠬᠤ᠂ | ᠨᠠᠶᠢᠳᠠᠪᠤᠷᠢᠵᠢᠭᠤᠯᠬᠤ᠂ ᠪᠥᠲᠥᠭᠡᠨ ᠪᠠᠶᠢᠭᠤᠯᠬᠤ ᠠᠴᠠ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠬᠦᠷᠲᠡᠯ᠎ᠡ᠂ | ᠪᠥᠬᠦ ᠦᠶᠡᠯᠡᠯ ᠤᠨ ᠬᠤᠭᠤᠴᠠᠭ᠎ᠠ᠂ ᠪᠥᠬᠦ ᠬᠦᠴᠦᠨ ᠵᠦᠢᠯ᠂ ᠪᠥᠬᠦ ᠲᠠᠯ᠎ᠠ ᠪᠠᠷ ᠦᠢᠯᠡᠴᠢᠯᠡᠭᠡ ᠪᠠᠲᠤᠯᠠᠭ᠎ᠠ ᠶᠢᠨ | ᠠᠵᠢᠯ ᠢ ᠰᠠᠶᠢᠲᠤᠷ ᠬᠢᠨ᠎ᠠ᠃ ᠡᠭᠦᠨ ᠤ ᠵᠡᠷᠭᠡ ᠳᠤ ︽ᠠᠯᠪᠠᠳᠠᠯᠭ᠎ᠠ ᠪᠠᠷ ᠬᠤᠳᠠᠯᠳᠤᠨ ᠠᠪᠴᠤ ᠠᠯᠪᠠᠳᠠᠯᠭ᠎ᠠ ᠪᠠᠷ | ᠬᠤᠳᠠᠯᠳᠤᠬᠤ᠂ ᠪᠠᠷᠢᠯᠭ᠎ᠠ ᠶᠢ ᠠᠯᠪᠠᠳᠠᠨ ᠪᠠᠷᠢᠬᠤ᠂ ᠪᠠᠷᠢᠯᠭ᠎ᠠ ᠶᠢᠨ ᠠᠵᠢᠯ ᠢ ᠠᠯᠪᠠᠳᠠᠨ ᠬᠤᠷᠢᠭᠯᠠᠬᠤ︾ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠵᠡᠷᠭᠡ ᠪᠠᠷ | ᠲᠥᠪ ᠴᠢᠩᠭ᠎ᠠ ᠥᠷᠨᠢᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠬᠠᠷᠰᠢᠯᠠᠬᠤ᠂ ᠡᠪᠳᠡᠬᠦ᠂ ᠨᠥᠯᠥᠭᠡᠯᠡᠬᠦ | ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠠᠵᠢᠯ ᠬᠢᠬᠦ ᠦᠭᠡᠢ᠂ ᠤᠳᠠᠭᠠᠨ ᠬᠢᠬᠦ᠂ ᠳᠤᠷ᠎ᠠ ᠪᠠᠷ ᠢᠶᠠᠨ | ᠬᠢᠬᠦ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠨ᠎ᠡ᠃ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ | ᠲᠥᠷᠥᠯ ᠵᠦᠢᠯ ᠤᠨ ᠭᠡᠷ᠎ᠡ ᠲᠣᠭᠲᠠᠭᠰᠠᠨ ᠤ ᠳᠠᠷᠠᠭ᠎ᠠ᠂ ᠠᠵᠢᠯ ᠤᠨ ᠬᠤᠭᠤᠴᠠᠭ᠎ᠠ ᠶᠢ ᠵᠠᠪᠳᠤᠨ᠂ ᠠᠬᠢᠴᠠ ᠶᠢ | ᠲᠦᠷᠭᠡᠳᠬᠡᠨ᠂ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ᠂ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠨ | ᠬᠠᠷᠢᠭᠤᠴᠠᠯᠭᠠᠲᠤ ᠨᠢᠭᠡᠴᠡ ᠡᠭᠦᠷᠭᠡ ᠪᠠᠨ ᠳᠠᠷᠦ᠋ᠢᠬᠠᠨ ᠪᠠᠶᠢᠷᠢᠯᠠᠭᠤᠯᠵᠤ᠂ ᠠᠰᠠᠭᠤᠳᠠᠯ ᠲᠤᠯᠭᠠᠷᠠᠪᠠᠯ ᠳᠠᠷᠦ᠋ᠢᠬᠠᠨ | ᠰᠢᠢᠳᠪᠦᠷᠢᠯᠡᠵᠦ᠂ ᠲᠥᠷᠥᠯ ᠵᠦᠢᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠵᠣᠬᠢᠴᠠᠭᠤᠯᠬᠤ ᠶᠢ ᠠᠳᠬᠤᠵᠤ᠂ | ᠰᠢᠮᠳᠠᠭᠤᠯᠤᠨ ᠪᠠᠶᠢᠴᠠᠭᠠᠬᠤ ᠶᠢ ᠠᠳᠬᠤᠵᠤ᠂ ᠲᠣᠬᠢᠷᠠᠭᠤᠯᠤᠯᠲᠠ ᠶᠢ ᠠᠳᠬᠤᠵᠤ᠂ ᠪᠠᠯᠠ ᠣᠷᠣᠭᠤᠯᠤᠯᠲᠠ ᠶᠢᠨ | ᠲᠠᠯ᠎ᠠ ᠪᠣᠯᠤᠨ ᠪᠠᠷᠢᠯᠭ᠎ᠠ ᠶᠢᠨ ᠨᠢᠭᠡᠴᠡ ᠲᠠᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠡᠯ᠎ᠡ | ᠵᠦᠢᠯ ᠤᠨ ᠵᠣᠬᠢᠴᠠᠭᠤᠯᠬᠤ ᠪᠠ ᠦᠢᠯᠡᠴᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠠᠵᠤ ᠦᠢᠯᠡᠳᠪᠦᠷᠢ ᠶᠢᠨ | ᠰᠢᠨᠵᠢᠯᠡᠬᠦ ᠤᠬᠠᠭᠠᠨ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠤᠢ ᠰᠢᠭᠤᠢ ᠡᠪᠡᠰᠦ ᠪᠡᠯᠴᠢᠭᠡᠷ᠂ ᠠᠮᠢ | ᠠᠬᠤᠢ ᠵᠡᠷᠭᠡ ᠡᠯᠧᠮᠧᠨ᠋ᠲ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠡᠭᠦᠷᠭᠡᠯᠡᠵᠦ᠂ | ᠡᠭᠦᠷᠭᠡ ᠪᠠᠨ ᠡᠭᠦᠷᠴᠦ ᠂ ᠥᠨᠳᠥᠷ ᠦᠷ᠎ᠡ ᠪᠦᠲᠦᠮᠵᠢ ᠪᠠᠷ ᠥᠨᠳᠥᠷ ᠦᠷ᠎ᠡ ᠠᠰᠢᠭ ᠢ ᠣᠯᠵᠤ᠂ ᠲᠦᠷᠭᠡᠨ | ᠠᠶᠢᠵᠠᠮ ᠢᠶᠠᠷ ᠲᠦᠷᠭᠡᠨ ᠬᠥᠭᠵᠢᠭᠦᠯᠬᠦ ᠬᠡᠷᠡᠭᠲᠡᠢ ᠭᠡᠵᠠᠢ ᠃ | ᠬᠤᠷᠠᠯ ᠳᠡᠭᠡᠷ᠎ᠡ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠭᠤᠷᠬᠠᠶ ᠶᠢᠨ | ᠦᠢᠯᠡᠰ ᠤᠨ ᠡᠷᠬᠡ ᠶᠢᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠵᠠᠩ ᠱᠢ ᠦ᠋ ᠠᠭᠤᠷᠬᠠᠶ ᠶᠢᠨ ᠦᠢᠯᠡᠰ ᠤᠨ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠠ᠃ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠰᠤᠳᠤᠯᠬᠤ ᠭᠠᠵᠠᠷ ᠤᠨ ᠨᠠᠮ ᠤᠨ | ᠬᠤᠷᠢᠶᠠᠨ ᠤ ᠱᠦᠵᠢ᠂ ᠳᠡᠳ᠋ ᠳᠠᠷᠤᠭ᠎ᠠ ᠴᠧᠨ ᠷᠧᠨ ᠢ᠂ ᠥᠪᠥᠷ ᠮᠣᠩᠭᠤᠯ ᠤᠨ ᠤᠯᠠᠭᠠᠨᠬᠠᠳᠠ ᠶᠢᠨ ᠭᠠᠵᠠᠷ | ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠢ ᠢᠨᠵᠧᠨᠧᠷ᠂ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠯᠥᠪᠵᠢᠭᠦᠯᠭᠡ ᠶᠢᠨ ᠬᠡᠯᠲᠡᠰ ᠤᠨ ᠳᠠᠭᠠᠭᠠᠮᠠᠯ ᠰᠢᠤᠢ ᠵᠢᠶᠠᠨ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ | ᠪᠠᠶᠢᠴᠠᠭᠠᠯᠲᠠ ᠶᠢᠨ ᠲᠣᠪᠴᠢᠶᠠᠨ ᠤ ᠱᠧᠨᠶᠠᠩ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠲᠥᠪ ᠤᠨ | ᠲᠥᠯᠥᠪᠵᠢᠭᠦᠯᠭᠡ ᠶᠢᠨ ᠭᠠᠵᠠᠷ ᠤᠨ ᠳᠡᠳ᠋ ᠳᠠᠷᠤᠭ᠎ᠠ ᠯᠢᠦ ᠭᠦᠸᠧ ᠳ᠋ᠦᠩ᠂ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠭᠠᠵᠠᠷ ᠰᠢᠨᠵᠢᠯᠡᠭᠡ ᠬᠢᠭᠡᠳ ᠳᠡᠯᠡᠬᠡᠢ ᠶᠢᠨ ᠪᠥᠮᠪᠥᠷᠴᠡᠭ ᠤᠨ ᠹᠢᠽᠢᠺ ᠤᠨ | ᠰᠤᠳᠤᠯᠭᠠᠨ ᠤ ᠭᠠᠵᠠᠷ ᠤᠨ ᠰᠤᠳᠤᠯᠤᠭᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ | ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠯᠢᠦ ᠵᠢᠶᠠᠨ ᠮᠢᠩ᠂ ᠳᠤᠮᠳᠠᠳᠤ | ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶ ᠶᠢᠨ ᠬᠥᠭᠵᠢᠯᠲᠡ ᠶᠢᠨ ᠲᠥᠯᠥᠪᠵᠢᠭᠦᠯᠭᠡ | ᠬᠢᠭᠡᠳ ᠰᠤᠳᠤᠯᠭᠠᠨ ᠤ ᠭᠠᠵᠠᠷ ᠤᠨ ᠳᠠᠷᠤᠭ᠎ᠠ ᠵᠠᠩ ᠱᠸᠤ ᠲᠢᠩ᠂ ᠲᠢᠶᠠᠨᠵᠢᠨ ᠤ ᠭᠠᠵᠠᠷ ᠤᠨ ᠢᠯᠴᠢ ᠶᠢᠨ ᠬᠠᠶᠢᠨ | ᠪᠠᠶᠢᠴᠠᠭᠠᠵᠤ ᠨᠡᠭᠡᠭᠡᠨ ᠬᠥᠭᠵᠢᠭᠦᠯᠬᠦ ᠰᠤᠳᠤᠯᠭᠠᠨ ᠤ ᠬᠦᠷᠢᠶᠡᠯᠡᠩ ᠤᠨ ᠶᠡᠷᠦᠩᠬᠡᠢ ᠢᠨᠵᠧᠨᠧᠷ ᠵᠤᠤ ᠰᠦ᠋ ᠮᠢᠨ ᠲᠤᠰ | ᠲᠤᠰ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | ᠰᠧᠴᠤᠸᠠᠨ ᠤ ᠴᠧᠩ ᠯᠦ ᠵᠢᠤᠢ ᠶᠤᠸᠠᠨ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠭᠤᠤ ᠬᠤᠸᠠ ᠪᠢᠨ᠂ ᠤᠯᠠᠭᠠᠨᠬᠠᠳᠠ ᠶᠢᠨ ᠳ᠋ᠢᠩ ᠬᠤᠢ | ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠰᠢᠶᠤᠤ ᠴᠧᠩ | ᠠᠵᠤ ᠠᠬᠤᠶᠢᠯᠠᠯ ᠤᠨ ᠲᠥᠯᠥᠭᠡᠯᠡᠭᠴᠢ ᠶᠢᠨ ᠬᠤᠪᠢ ᠪᠠᠷ ᠶᠠᠷᠢᠶ᠎ᠠ ᠲᠠᠯᠪᠢᠪᠠ ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ | ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ | ᠳᠠᠷᠤᠭ᠎ᠠ ᠸᠠᠩ ᠴᠢᠦ ᠶᠧ ᠲᠣᠰ ᠲᠣᠰ ᠠᠵᠤ ᠠᠬᠤᠶᠢᠯᠠᠯ ᠲᠠᠢ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ | ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠵᠥᠪᠯᠡᠯᠴᠡᠭᠡᠷ᠂ ᠪᠣᠷᠣ ᠲᠥᠯᠥᠪ ᠤᠨ ᠬᠠᠮᠲᠤᠷᠠᠯᠴᠠᠭᠠᠨ ᠤ ᠵᠥᠪᠯᠡᠯᠴᠡᠭᠡᠷ᠂ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠰᠠᠨᠠᠮᠵᠢ ᠶᠢᠨ ᠬᠡᠯᠡᠯᠴᠡᠭᠡᠷ ᠲᠣᠭᠲᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠠᠰᠠ ᠬᠠᠮᠲᠤ ᠪᠠᠷ ︽ᠰᠢᠨ᠎ᠡ ᠰᠡᠪᠡᠬᠦᠨ | ᠬᠠᠷᠠᠴᠢᠨ᠂ ᠰᠢᠨ᠎ᠡ ᠴᠢᠨᠠᠷ ᠤᠨ ᠠᠯᠲᠠ ᠴᠢᠯᠠᠭᠤ ᠤᠰᠤ︾ ᠶᠢᠨ ᠤᠬᠠᠭᠤᠯᠭ᠎ᠠ ᠶᠢᠨ ᠹᠢᠯᠢᠮ ᠢ ᠰᠣᠨᠢᠷᠬᠠᠪᠠ᠃ | |