ᠸᠠᠩ ᠶᠧ ᠹᠦ᠋ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠣᠨ ᠤ ᠠᠮᠠᠷᠠᠯᠲᠠ ᠶᠢᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/15
  ᠸᠠᠩ ᠶᠧ ᠹᠦ᠋ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠣᠨ ᠤ ᠠᠮᠠᠷᠠᠯᠲᠠ ᠶᠢᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ  ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠤᠬᠡᠳ ᠪᠠ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠨ ᠤ ᠠᠮᠠᠷᠠᠯᠲᠠ ᠶᠢᠨ ᠬᠤᠭᠤᠴᠠᠭᠠᠨ ᠤ ᠬᠡᠤᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠡᠷ ᠪᠦᠯᠢ ᠶᠢᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 15 ᠤ ᠡᠳᠦᠷ᠂ ᠸᠠᠩ ᠶᠧ ᠹᠦ᠋ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠪᠠᠭᠠᠴᠤᠳ ᠬᠡᠤᠬᠡᠳ ᠨᠠᠮ ᠢᠶᠠᠨ ᠳᠠᠭᠠᠵᠤ᠂ ᠦᠨᠡᠨ ᠰᠡᠳᠬᠢᠯ ᠢᠶᠠᠷ ᠬᠠᠨᠢᠯᠠᠨ ᠦᠰᠦᠨ ᠪᠤᠶᠢᠵᠢᠬᠤ︾ ᠵᠣᠨ ᠤ ᠠᠮᠠᠷᠠᠯᠲᠠ ᠶᠢᠨ ᠬᠤᠭᠤᠴᠠᠭᠠᠨ ᠤ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃  ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠲᠥᠪᠯᠡᠷᠡᠭᠦᠯᠦᠨ ᠲᠣᠬᠤᠨᠢᠭᠤᠯᠬᠤ᠂ ᠡᠴᠢᠭᠡ ᠡᠬᠡ ᠦᠷ᠎ᠡ ᠬᠡᠤᠬᠡᠳ ᠤᠨ ᠠᠵᠢᠯᠯᠠᠭ᠎ᠠ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠠᠵᠢᠯᠯᠠᠭ᠎ᠠ ᠶᠢᠨ ᠳᠤᠮᠳᠠ᠂ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠵᠢᠯᠯᠠᠭ᠎ᠠ ᠳᠤ ᠣᠷᠣᠯᠴᠠᠭᠰᠠᠨ 19 ᠬᠡᠤᠬᠡᠳ ᠲᠤ ᠰᠤᠷᠤᠯᠭ᠎ᠠ ᠶᠢᠨ ᠬᠡᠷᠡᠭᠰᠡᠯ ᠬᠦᠷᠭᠡᠵᠦ᠂ ᠦᠨᠡᠨ ᠰᠡᠳᠬᠢᠯ ᠠᠴᠠ ᠪᠠᠨ ᠬᠡᠦᠬᠡᠳ ᠤᠳ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠳᠠᠮᠵᠢᠭᠤᠯᠪᠠ᠃ ︽ᠲᠥᠪ ᠶᠣᠰᠣ ᠶᠢ ᠬᠥᠮᠦᠵᠢᠭᠦᠯᠬᠦ︾ ᠬᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠬᠤ ᠦᠢᠯᠡᠴᠢᠯᠡᠭᠡᠨ ᠤ ᠲᠥᠪ ᠤᠨ ᠪᠠᠭᠰᠢ ᠶᠢ ᠤᠷᠢᠵᠤ ᠬᠤᠷᠠᠯ ᠳᠤ ᠣᠷᠣᠯᠴᠠᠭᠰᠠᠨ ᠬᠡᠤᠬᠡᠳ ᠪᠣᠯᠤᠨ ᠬᠡᠷ ᠤᠨ ᠠᠬᠠᠮᠠᠳ ᠢ ᠵᠣᠬᠢᠶᠠᠨ ᠪᠠᠶᠢᠭᠤᠯᠵᠤ ᠦᠷ᠎ᠡ ᠬᠡᠤᠬᠡᠳ ᠤᠨ ᠠᠵᠢᠯᠯᠠᠭ᠎ᠠ ᠶᠢ ᠥᠷᠨᠢᠭᠦᠯᠵᠦ᠂ ᠫᠷᠤᠹᠧᠰᠰᠤᠷ ᠬᠡᠷ ᠤᠨ ᠠᠬᠠᠮᠠᠳ ᠨᠢ ᠬᠡᠦᠬᠡᠳ ᠲᠠᠢ ᠨᠠᠩ ᠳᠣᠲᠣᠨᠣ ᠡᠶ᠎ᠡ ᠵᠣᠬᠢᠴᠠᠩᠭᠤᠶ ᠬᠠᠷᠢᠴᠠᠭ᠎ᠠ ᠪᠠᠶᠢᠭᠤᠯᠵᠤ᠂ ᠬᠡᠤᠬᠡᠳ ᠤᠨ ᠦᠰᠦᠨ ᠪᠤᠶᠢᠵᠢᠯᠲᠠ ᠶᠢᠨ ᠶᠠᠪᠤᠴᠠ ᠳᠤ ᠵᠦᠶ ᠵᠣᠬᠢᠰᠲᠠᠶ ᠵᠢᠯᠣᠭᠤᠳᠣᠯᠭ᠎ᠠ ᠪᠠ ᠳᠡᠮᠵᠢᠯᠭᠡ ᠦᠵᠡᠭᠦᠯᠵᠦ ᠂ ᠰᠡᠳᠬᠢᠯ ᠤᠨ ᠬᠠᠨᠢ ᠪᠠᠨ ᠳᠠᠮᠵᠢᠭᠤᠯᠵᠤ᠂ ᠪᠥᠬᠦ ᠪᠠᠯᠭᠠᠰᠤᠨ ᠤ ᠬᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠣᠯᠭ᠎ᠠ ᠦᠢᠯᠡᠴᠢᠯᠡᠭᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃  ᠠᠵᠢᠯᠯᠠᠭ᠎ᠠ ᠳᠤ ᠣᠷᠣᠯᠴᠠᠭᠰᠠᠨ 32 ᠬᠡᠦᠬᠡᠳ ᠭᠡᠷ ᠤᠨ ᠠᠬᠠᠮᠠᠳ ᠲᠠᠢ ᠬᠠᠮᠲᠤ ᠸᠠᠩ ᠤᠨ ᠣᠷᠳᠣᠨ ᠪᠠᠯᠭᠠᠰᠤᠨ ᠤ ᠠᠷᠢᠭᠤᠨ ᠴᠢᠬᠡᠴᠢ ᠰᠣᠶᠣᠯ ᠤᠨ ᠦᠵᠡᠰᠬᠦᠯᠡᠩ ᠤᠨ ᠣᠷᠳᠣᠨ ᠢ ᠲᠣᠭᠤᠷᠢᠨ ᠦᠵᠡᠵᠦ᠂ ᠲᠤᠬᠠᠢ ᠶᠢᠨ ᠲᠠᠯᠠᠪᠠᠢ ᠳᠤ ᠠᠷᠢᠭᠤᠨ ᠴᠢᠬᠡᠴᠢ ᠰᠣᠶᠣᠯ ᠤᠨ ᠬᠥᠭᠵᠢᠯᠲᠡ ᠶᠢᠨ ᠰᠤᠳᠠᠰᠤ ᠪᠠ ᠵᠣᠷᠢᠭᠲᠠᠢ ᠪᠠᠷ ᠲᠡᠮᠡᠴᠡᠵᠦ᠂ ᠵᠣᠷᠢᠭᠲᠠᠢ ᠪᠠᠷ ᠲᠡᠮᠡᠴᠡᠬᠦ ᠵᠣᠷᠢᠭ ᠰᠠᠨᠠᠭ᠎ᠠ ᠶᠢ ᠮᠡᠳᠡᠷᠡᠵᠦ᠂ ᠠᠷᠢᠭᠤᠨ ᠴᠢᠬᠡᠴᠢ ᠰᠣᠶᠣᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠭᠡᠷ ᠪᠦᠯᠢ ᠨᠢᠭᠡᠪᠦᠷᠢ ᠶᠢ ᠬᠠᠳᠠᠭᠠᠯᠠᠪᠠ᠃  ᠲᠣᠰ ᠤᠳᠠᠭᠠᠨ ᠤ ᠠᠵᠢᠯᠯᠠᠭ᠎ᠠ ᠨᠢ ᠬᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠬᠡᠷ ᠪᠦᠯᠢ ᠶᠢᠨ ᠳᠣᠲᠣᠷᠠᠬᠢ ᠦᠷ᠎ᠡ ᠬᠡᠤᠬᠡᠳ ᠤᠨ ᠬᠠᠷᠢᠴᠠᠭ᠎ᠠ ᠶᠢ ᠣᠶᠢᠷᠠᠲᠤᠭᠤᠯᠵᠤ᠂ ᠬᠡᠷ ᠪᠦᠯᠢ ᠶᠢᠨ ᠬᠥᠮᠦᠵᠢᠯ ᠢ ᠦᠨᠳᠦᠰᠦᠨ ᠱᠠᠲᠤᠨ ᠳᠤ ᠦᠨᠳᠦᠰᠦᠯᠡᠭᠦᠯᠬᠦ ᠶᠢ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠸᠠᠩ ᠶᠧ ᠹᠦ᠋ ᠪᠠᠯᠭᠠᠰᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠢᠭᠰᠠᠭᠠᠯ ᠤᠨ ᠭᠠᠵᠠᠷ ᠤᠨ ᠳᠠᠪᠠᠭᠤᠯᠢᠭ ᠪᠠ ︽ᠬᠠᠮᠲᠤᠷᠠᠨ ᠬᠥᠳᠡᠯᠦᠯᠴᠡᠬᠦ︾ ᠦᠢᠯᠡᠳᠦᠯ ᠢᠶᠠᠨ ᠪᠠᠳᠠᠷᠠᠭᠤᠯᠵᠤ᠂ ᠪᠦᠬᠦ ᠪᠠᠯᠭᠠᠰᠤᠨ ᠤ ᠡᠮᠡᠭᠲᠡᠶᠢᠴᠦᠳ ᠬᠡᠦᠬᠡᠳ ᠤᠨ ᠦᠢᠯᠡᠰ ᠲᠤ ᠦᠷᠭᠦᠯᠵᠢᠯᠡᠨ ᠨᠡᠩ ᠰᠠᠶᠢᠨ ᠦᠢᠯᠡᠴᠢᠯᠡᠭᠡ ᠬᠠᠩᠭᠠᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号