ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠷᠠᠴᠢᠨ ᠬᠤᠰᠢᠭᠤᠨ ᠳᠤ ᠬᠦᠷᠴᠦ ᠪᠥᠬᠦ ᠤᠯᠤᠰ ᠤᠨ ᠠᠮᠢ ᠠᠬᠤᠶ ᠶᠢᠨ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/15
ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠷᠠᠴᠢᠨ ᠬᠤᠰᠢᠭᠤᠨ ᠳᠤ ᠬᠦᠷᠴᠦ ᠪᠥᠬᠦ ᠤᠯᠤᠰ ᠤᠨ ᠠᠮᠢ ᠠᠬᠤᠶ ᠶᠢᠨ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ  ᠡᠨᠡ ᠵᠢᠯ ᠤᠨ 8 ᠰᠠᠷ᠎ᠠ ᠶᠢᠨ 15 ᠤ ᠡᠳᠦᠷ ᠪᠣᠯ ᠬᠤᠶᠠᠳᠡᠬᠢ ᠪᠦᠬᠦ ᠤᠯᠤᠰ ᠤᠨ ᠠᠮᠢ ᠠᠬᠤᠢ ᠶᠢᠨ ᠡᠳᠦᠷ ᠪᠣᠯᠤᠨ᠎ᠠ᠃ ᠪᠥᠬᠦ ᠠᠷᠠᠳ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠬᠦᠴᠦᠯᠡᠨ ᠳᠡᠭᠡᠭᠰᠢᠯᠡᠭᠦᠯᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠢᠶᠤᠤ ᠪᠢᠩ ᡁᠢ ᠪᠣᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠵᠠᠷ ᠤᠨ ᠳᠡᠳ᠋ ᠳᠠᠷᠤᠭ᠎ᠠ ᠵᠠᠩ ᠶᠤᠸᠠᠢ ᠹᠧᠩ ᠪᠥᠬᠦ ᠣᠷᠣᠨ ᠤ ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢ ᠳᠠᠭᠠᠭᠤᠯᠤᠨ ᠬᠠᠷᠠᠴᠢᠨ ᠬᠤᠰᠢᠭᠤᠨ ᠳᠤ ᠬᠦᠷᠴᠦ ︽ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ︾ ᠪᠥᠬᠦ ᠤᠯᠤᠰ ᠤᠨ ᠠᠮᠢ ᠠᠬᠤᠶ ᠶᠢᠨ ᠡᠳᠦᠷ ᠤᠨ ᠭᠤᠤᠯ ᠰᠡᠳᠦᠪᠲᠦ ᠤᠬᠠᠭᠤᠯᠭ᠎ᠠ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠮᠠ ᠶᠦᠩ ᠭᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠷ᠎ᠠ ᠪᠣᠯᠪᠠ᠃  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠯᠠᠭᠠᠨᠬᠠᠳᠠ ᠶᠢᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠢᠦᠢ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠢ ᠴᠣᠭᠴᠠ᠂ ᠮᠠ ᠠᠨ ᠱᠠᠨ ᠤᠢ ᠰᠢᠭᠤᠢ ᠶᠢᠨ ᠲᠠᠯᠠᠪᠠᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠬᠠᠷᠠᠴᠢᠨ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠷᠠᠴᠢᠨ ᠬᠤᠰᠢᠭᠤᠨ ᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ ᠣᠯᠤᠭᠰᠠᠨ ᠦᠷ᠎ᠡ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠪᠡ᠃  ᠣᠶᠢᠷ᠎ᠠ ᠶᠢᠨ ᠵᠢᠯ ᠳᠤ᠂ ᠬᠠᠷᠠᠴᠢᠨ ᠬᠤᠰᠢᠭᠤ ᠠᠮᠢ ᠠᠬᠤᠶ ᠶᠢ ᠲᠡᠷᠢᠭᠦᠨ ᠪᠠᠢᠷᠢᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠥᠬᠦ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠪᠥᠬᠦ ᠤᠯᠤᠰ ᠤᠨ ᠠᠮᠢ ᠠᠬᠤᠶ ᠶᠢᠨ ᠲᠠᠷᠢᠶᠠᠯᠠᠩ ᠤᠨ ᠲᠤᠷᠰᠢᠯᠲᠠ ᠶᠢᠨ ᠬᠤᠰᠢᠭᠤ᠂ ᠪᠥᠬᠦ ᠤᠯᠤᠰ ᠤᠨ ᠠᠩᠬᠠᠳᠠᠭᠴᠢ ᠪᠦᠯᠦᠭ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ᠂ ᠤᠯᠤᠰ ᠤᠨ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢᠨ ᠬᠤᠰᠢᠭᠤᠴᠢ ᠣᠷᠣᠨ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢᠶᠠᠷ ᠵᠢᠭᠰᠠᠭᠠᠭᠳᠠᠪᠠ᠃ ᠲᠠᠷᠠᠭᠠᠴᠢ ᠶᠢᠨ ᠠᠯᠬᠤᠮ ᠳᠤ᠂ ᠬᠠᠷᠠᠴᠢᠨ ᠬᠤᠰᠢᠭᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠡᠳᠦᠷ ᠲᠤᠲᠤᠮ ᠤᠨ ᠠᠮᠢᠳᠤᠷᠠᠯ ᠳᠤ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠤ ᠵᠢᠱᠢᠶᠡᠴᠢ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ᠬᠥᠮᠦᠨ ᠪᠦᠬᠦᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号