ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/16
ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ  ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ ᠲᠥᠯᠥᠭᠡ᠂ 8 ᠰᠠᠷ᠎ᠠ ᠶᠢᠨ 15 ᠤ ᠡᠳᠦᠷ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃  ᠬᠤᠷᠠᠯ ᠠᠴᠠ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠠᠷᠠᠳ ᠤᠨ ᠶᠠᠪᠤᠳᠠᠯ ᠤᠨ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠨᠡᠶᠢᠲᠡᠯᠢᠭ ᠴᠢᠨᠠᠷᠲᠠᠶ ᠠᠰᠠᠭᠤᠳᠠᠯ ᠪᠠ ᠲᠣᠪᠤᠶᠢᠮ᠎ᠠ ᠳᠠᠯᠳᠠ ᠬᠡᠮ ᠢ ᠭᠦᠨᠵᠡᠭᠡᠶ ᠳ᠋ᠦᠩᠨᠡᠨ ᠵᠠᠳᠠᠯᠵᠤ᠂ ᠭᠦᠨ ᠳᠠᠪᠬᠤᠷᠭ᠎ᠠ ᠶᠢᠨ ᠵᠥᠷᠢᠴᠡᠯ ᠤᠨ ᠰᠢᠯᠲᠠᠭᠠᠨ ᠢ ᠰᠤᠳᠤᠯᠤᠨ ᠵᠠᠳᠠᠯᠵᠤ ᠂ ︽ᠣᠳᠣᠬᠠᠨ ᠳᠤ ᠥᠭᠡᠷᠡᠴᠢᠯᠡᠬᠦ︾ ᠪᠠ ︽ᠣᠷᠳᠣ ᠬᠤᠭᠤᠴᠠᠭ᠎ᠠ ᠪᠠᠷ ᠪᠠᠶᠢᠭᠤᠯᠬᠤ︾ ᠶᠢ ᠨᠢᠭᠲᠠ ᠤᠶᠠᠯᠳᠤᠭᠤᠯᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠬᠦ ᠶᠢᠨ ᠬᠠᠮᠲᠤ ᠨᠡᠶᠢᠭᠡᠮ ᠤᠨ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠭᠡᠮ ᠤᠨ ᠬᠡᠷᠡᠭ ᠶᠠᠪᠤᠳᠠᠯ ᠵᠡᠷᠭᠡ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠬᠠᠶ ᠳᠠᠬᠢᠨ ᠪᠠᠶᠢᠷᠢᠯᠠᠭᠤᠯᠵᠤ᠂ ᠳᠠᠬᠢᠨ ᠳᠣᠭᠢᠷᠠᠭᠤᠯᠪᠠ᠃  ᠬᠤᠷᠠᠯ ᠠᠴᠠ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠥᠬᠦᠶ ᠲᠦᠷᠢᠮ ᠳᠤ ᠨᠡᠶᠢᠲᠡ 27 ᠵᠦᠢᠯ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ᠂ ᠲᠠᠨᠢᠯᠲᠠ ᠶᠢᠨ ᠦᠷ᠎ᠡ ᠪᠦᠲᠦᠭᠡᠯ ᠪᠠ ᠦᠢᠯᠡᠳᠦᠯᠭᠡ ᠶᠢᠨ ᠦᠷ᠎ᠡ ᠪᠦᠲᠦᠭᠡᠯ ᠢ ᠲᠦᠷᠢᠮ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠪᠠ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号