ᠬᠠᠷᠠᠴᠢᠨ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠲᠣᠭᠤᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠤᠭᠰᠠᠨ ᠠᠬᠢᠴᠠ ᠶᠢᠨ ᠪᠠᠢᠳᠠᠯ ᠤᠨ ᠲᠤᠬᠠᠢ ᠮᠡᠳᠡᠭᠡ
ᠨᠡᠶᠢᠲᠡᠯᠡᠭᠰᠡᠨ ᠴᠠᠭ᠄
2024/8/18
ᠬᠠᠷᠠᠴᠢᠨ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠲᠣᠭᠤᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠤᠭᠰᠠᠨ ᠠᠬᠢᠴᠠ ᠶᠢᠨ ᠪᠠᠢᠳᠠᠯ ᠤᠨ ᠲᠤᠬᠠᠢ ᠮᠡᠳᠡᠭᠡ  ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 2023 ᠣᠨ ᠤ 10 ᠰᠠᠷ᠎ᠠ ᠶᠢᠨ 24 ᠤ ᠡᠳᠦᠷ ᠠᠴᠠ 10 ᠰᠠᠷ᠎ᠠ ᠶᠢᠨ 26 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠬᠠᠷᠠᠴᠢᠨ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠡᠩ ᠤᠨ ᠴᠠᠭᠳᠠᠨ ᠪᠠᠶᠢᠴᠠᠭᠠᠯᠲᠠ ᠥᠷᠨᠢᠭᠦᠯᠪᠡ᠃ 2023 ᠣᠨ ᠤ 12 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠲᠣᠭᠤᠷᠢᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ᠃ ᠲᠣᠭᠤᠷᠢᠨ ᠪᠠᠶᠢᠴᠠᠭᠠᠬᠤ ᠠᠵᠢᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠡᠳᠦᠭᠡ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠨᠡᠶᠢᠲᠡᠯᠡᠪᠡ᠃  ᠨᠢᠭᠡ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠠᠯ᠎ᠠ ᠪᠠᠷ  1᠂ ᠰᠢ ᠶᠢᠨ ᠫᠢᠩ ᠤᠨ ᠬᠠᠣᠯᠢ ᠪᠠᠷ ᠵᠠᠰᠠᠬᠤ ᠣᠢᠵᠠᠯ ᠰᠠᠨᠠᠭ᠎ᠠ ᠶᠢ ᠰᠣᠷᠣᠯᠴᠠᠬᠤ ᠳᠤ ᠬᠦᠢᠠᠵᠠᠭᠡᠢ ᠪᠢᠰᠢ ᠪᠠᠶᠢᠨ᠎ᠠ  ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠨᠢᠭᠡ ᠳᠤ᠂ ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ︾ ᠶᠢᠨ ᠬᠤᠯᠪᠣᠭᠳᠠᠯ ᠪᠥᠬᠦᠶ ᠠᠭᠤᠯᠭ᠎ᠠ ᠶᠢ 2024 ᠣᠨ ᠤ ᠣᠨᠣᠯ ᠰᠤᠷᠤᠯᠴᠠᠬᠤ ᠲᠥᠯᠥᠪᠯᠡᠭᠡ ᠳᠤ ᠣᠷᠣᠭᠤᠯᠵᠤ᠂ 2024 ᠣᠨ ᠤ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾ ᠪᠠ ᠭᠤᠤᠯ ᠰᠡᠳᠦᠪᠲᠦ ᠨᠠᠮ ᠤᠨ ᠡᠳᠦᠷ ᠲᠠᠢ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠳᠠᠭᠠᠵᠤ ᠰᠤᠷᠤᠯᠴᠠᠪᠠ᠃ ᠣᠳᠣ ᠪᠣᠯᠲᠠᠯ᠎ᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ 3 ᠤᠳᠠᠭ᠎ᠠ ᠲᠥᠪᠯᠡᠷᠡᠭᠦᠯᠦᠨ ᠰᠤᠷᠤᠯᠴᠠᠵᠤ᠂ 2 ᠤᠳᠠᠭ᠎ᠠ ᠵᠣᠬᠢᠶᠠᠨ ᠪᠠᠶᠢᠭᠤᠯᠵᠤ ᠰᠤᠳᠤᠯᠤᠨ ᠶᠠᠷᠢᠯᠴᠠᠪᠠ︔ ᠬᠤᠶᠠᠷ ᠲᠤ᠂ ᠰᠤᠷᠤᠯᠴᠠᠬᠤ ᠠᠷᠭ᠎ᠠ ᠶᠢᠨ ᠲᠠᠯ᠎ᠠ ᠪᠠᠷ᠂ ᠲᠥᠪᠯᠡᠷᠡᠭᠦᠯᠦᠨ ᠰᠤᠷᠤᠯᠴᠠᠬᠤ ᠪᠠ ᠪᠡᠶ᠎ᠡ ᠪᠠᠨ ᠳᠠᠭᠠᠭᠠᠵᠤ ᠰᠤᠷᠤᠯᠴᠠᠬᠤ ᠶᠢ ᠤᠶᠠᠯᠳᠤᠭᠤᠯᠵᠤ᠂ ᠰᠦᠯᠵᠢᠶᠡᠨ ᠭᠠᠳᠠᠨ᠎ᠠ ᠰᠤᠷᠤᠯᠴᠠᠬᠤ ᠪᠠ ᠰᠦᠯᠵᠢᠶᠡᠨ ᠳᠡᠭᠡᠷ᠎ᠡ ᠰᠤᠷᠤᠯᠴᠠᠬᠤ ᠶᠢ ᠤᠶᠠᠯᠳᠤᠭᠤᠯᠵᠤ᠂ ᠤᠭ ᠵᠣᠬᠢᠶᠠᠯ ᠢ ᠰᠤᠷᠤᠯᠴᠠᠵᠤ᠂ ᠲᠡᠮᠳᠡᠭᠯᠡᠭᠰᠡᠨ ᠰᠠᠭᠤᠷᠢᠨ ᠳᠡᠭᠡᠷ᠎ᠡ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠪᠠᠨ ᠴᠢᠩᠭᠠᠳᠬᠠᠵᠤ᠂ ᠬᠤᠷᠠᠯ ᠳᠤ ᠣᠷᠣᠯᠴᠠᠭᠰᠠᠳ ᠨᠢᠭᠡᠪᠦᠷᠢ ᠬᠤᠷᠠᠯ ᠤᠨ ᠳᠠᠷᠠᠭ᠎ᠠ ᠰᠤᠳᠤᠯᠤᠨ ᠶᠠᠷᠢᠯᠴᠠᠬᠤ ᠪᠠᠨ ᠦᠰᠦᠭ ᠪᠢᠴᠢᠭ ᠤᠨ ᠮᠠᠲ᠋ᠧᠷᠢᠶᠠᠯ ᠢ ᠠᠯᠪᠠᠨ ᠭᠡᠷ ᠲᠤ ᠲᠤᠰᠢᠶᠠᠨ ᠬᠤᠷᠢᠶᠠᠩᠭᠤᠶᠢᠯᠠᠭᠤᠯᠪᠠ᠃ ᠬᠠᠤᠯᠢ ᠬᠡᠷᠡᠭᠵᠢᠭᠦᠯᠬᠦ ᠠᠵᠢᠯᠲᠠᠨ ᠨᠢᠭᠡᠪᠦᠷᠢ ᠬᠠᠤᠯᠢ ᠴᠠᠭᠠᠵᠠ ᠶᠢᠨ ᠶᠠᠮᠤᠨ ᠤ ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ︵ᠰᠦᠯᠵᠢᠶᠡᠨ ᠳᠡᠭᠡᠷᠡᠬᠢ︶︾ ᠶᠢᠨ ᠲᠠᠪᠴᠠᠩ ᠤᠨ ᠪᠡᠶ᠎ᠡ ᠪᠠᠨ ᠳᠠᠭᠠᠭᠠᠵᠤ ᠰᠤᠷᠤᠯᠴᠠᠬᠤ ᠶᠢ 2 ᠤᠳᠠᠭ᠎ᠠ ᠠᠴᠠ ᠳᠡᠭᠡᠭᠰᠢ ᠴᠢᠩᠭᠠᠳᠬᠠᠪᠠ᠃  ᠪᠡᠶᠡᠯᠡᠭᠦᠯᠦᠭᠰᠡᠨ ᠪᠠᠶᠢᠳᠠᠯ ᠄ ᠨᠢᠭᠡᠨᠲᠡ ᠪᠡᠶᠡᠯᠡᠭᠦᠯᠪᠡ᠃  2᠂ ᠳᠡᠭᠡᠳᠦ ᠱᠠᠲᠤᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠶ  ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ 3 ᠰᠠᠷ᠎ᠠ ᠶᠢᠨ 22 ᠤᠨ ᠡᠳᠦᠷ ᠪᠥᠬᠦ ᠠᠵᠢᠯᠲᠠᠳ ᠢ ᠵᠣᠬᠢᠶᠠᠨ ᠪᠠᠶᠢᠭᠤᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠶᠢ ᠲᠥᠪᠯᠡᠷᠡᠭᠦᠯᠦᠨ ᠰᠤᠷᠤᠯᠴᠠᠭᠤᠯᠵᠤ᠂ 7 ᠰᠠᠷ᠎ᠠ ᠶᠢᠨ 8 ᠤ ᠡᠳᠦᠷ ᠠᠴᠠ 7 ᠰᠠᠷ᠎ᠠ ᠶᠢᠨ 10 ᠤ ᠡᠳᠦᠷ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠡᠷᠭᠢᠯᠡᠭᠰᠡᠨ ︽2024 ᠣᠨ ᠤ ᠪᠥᠬᠦ ᠬᠤᠰᠢᠭᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ︵ᠰᠦᠯᠵᠢᠶᠡᠨ ᠭᠠᠳᠠᠨᠠᠬᠢ︶︾ ᠶᠢ ᠭᠤᠤᠯᠳᠠᠯᠭ᠎ᠠ ᠲᠠᠢ ᠰᠤᠷᠤᠯᠴᠠᠪᠠ᠃  ᠪᠡᠶᠡᠯᠡᠭᠦᠯᠦᠭᠰᠡᠨ ᠪᠠᠶᠢᠳᠠᠯ ᠄ ᠨᠢᠭᠡᠨᠲᠡ ᠪᠡᠶᠡᠯᠡᠭᠦᠯᠪᠡ᠃  ᠬᠤᠶᠠᠷ᠂ ︽ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠬᠠᠷᠢᠭᠤᠴᠠᠯᠭ᠎ᠠ ᠶᠢᠨ ᠪᠠᠶᠢᠳᠠᠯ︾ ᠤᠨ ᠲᠠᠯ᠎ᠠ ᠪᠠᠷ  1᠂ ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠪᠦᠷᠢᠳᠬᠡᠨ ᠳᠠᠩᠰᠠᠯᠠᠬᠤ ᠳᠦᠷᠢᠮ ᠢ ᠨᠠᠶᠢᠳᠠᠪᠤᠷᠢᠵᠢᠭᠤᠯᠬᠤ ᠲᠠᠯ᠎ᠠ ᠪᠠᠷ ᠳᠤᠲᠠᠮᠠᠭ ᠪᠠᠶᠢᠨ᠎ᠠ  ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠪᠥᠬᠦ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ︽ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠪᠦᠷᠢᠳᠬᠡᠨ ᠳᠠᠩᠰᠠᠯᠠᠬᠤ ᠲᠦᠷᠢᠮ︾ ᠢ ᠨᠠᠷᠢᠨ ᠬᠢᠨᠠᠮᠠᠭᠠᠶ ᠰᠤᠷᠤᠯᠴᠠᠭᠤᠯᠵᠤ᠂ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠷᠢᠯᠴᠠᠵᠤ᠂ 2023 ᠣᠨ ᠠᠴᠠ ᠨᠠᠰᠢᠬᠢ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠡᠷᠡᠭ ᠢ ᠳᠠᠩᠰᠠᠯᠠᠭᠤᠯᠪᠠ᠃  ᠪᠡᠶᠡᠯᠡᠭᠦᠯᠦᠭᠰᠡᠨ ᠪᠠᠶᠢᠳᠠᠯ ᠄ ᠨᠢᠭᠡᠨᠲᠡ ᠪᠡᠶᠡᠯᠡᠭᠦᠯᠪᠡ᠃  2. ᠳᠠᠩᠰᠠ ᠡᠪᠬᠡᠮᠡᠯ ᠢ ᠡᠮᠬᠢᠯᠡᠬᠦ ᠨᠢ ᠵᠢᠷᠤᠮᠵᠢᠯ ᠦᠭᠡᠢ  ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠤᠯᠢ ᠲᠦᠷᠢᠮ ᠢ ᠬᠢᠨᠠᠨ ᠬᠠᠷᠭᠤᠭᠤᠯᠬᠤ ᠠᠯᠪᠠᠨ ᠬᠡᠷ ᠢ ᠨᠡᠮᠡᠨ ᠪᠠᠶᠢᠭᠤᠯᠵᠤ᠂ ᠬᠠᠤᠯᠢ ᠴᠠᠭᠠᠵᠠ ᠶᠢᠨ ᠠᠵᠢᠯ ᠡᠷᠭᠢᠯᠡᠬᠦ ᠬᠢᠷᠢ ᠬᠡᠮ ᠲᠠᠢ ᠠᠵᠢᠯᠲᠠᠨ ᠵᠣᠣ ᠯᠸᠢ ᠶᠢ ᠬᠠᠤᠯᠢ ᠪᠠᠷ ᠵᠠᠰᠠᠬᠤ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠭᠤᠯᠬᠤ ᠪᠠᠷ ᠲᠣᠭᠲᠠᠭᠠᠪᠠ᠃  ᠪᠡᠶᠡᠯᠡᠭᠦᠯᠦᠭᠰᠡᠨ ᠪᠠᠶᠢᠳᠠᠯ ᠄ ᠨᠢᠭᠡᠨᠲᠡ ᠪᠡᠶᠡᠯᠡᠭᠦᠯᠪᠡ᠃  3᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ ᠢ ᠪᠣᠳᠠᠲᠠᠶᠢᠵᠢᠭᠤᠯᠤᠭᠰᠠᠨ ᠦᠭᠡᠶ  ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ 2023 ᠣᠨ ᠳᠤ ᠵᠠᠷᠯᠠᠨ ᠨᠡᠶᠢᠲᠡᠯᠡᠭᠰᠡᠨ ᠦᠭᠡᠢ ᠬᠡᠷᠡᠭ ᠢ ᠨᠥᠬᠦᠨ ᠴᠤᠭᠯᠠᠭᠤᠯᠵᠤ ᠵᠠᠷᠯᠠᠨ ᠨᠡᠶᠢᠲᠡᠯᠡᠨ᠎ᠡ︔ ᠰᠢᠨ᠎ᠡ ᠪᠠᠷ ᠰᠢᠢᠳᠪᠦᠷᠢᠯᠡᠵᠦ ᠳᠠᠭᠤᠰᠬᠠᠭᠰᠠᠨ ᠬᠡᠷᠡᠭ ᠢ ᠲᠤᠯᠤᠭᠠᠨ ᠡᠳᠦᠷ ᠤᠨ ᠳᠣᠲᠣᠷ᠎ᠠ ᠵᠠᠷᠯᠠᠨ ᠨᠡᠶᠢᠲᠡᠯᠡᠬᠦ ᠶᠢᠨ ᠬᠠᠮᠲᠤ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃  ᠪᠡᠶᠡᠯᠡᠭᠦᠯᠦᠭᠰᠡᠨ ᠪᠠᠶᠢᠳᠠᠯ ᠄ ᠨᠢᠭᠡᠨᠲᠡ ᠪᠡᠶᠡᠯᠡᠭᠦᠯᠪᠡ᠃  ᠭᠤᠷᠪᠠ᠂ ︽ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ︾ ᠤᠨ ᠲᠠᠯ᠎ᠠ ᠪᠠᠷ  1᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠳᠤ ᠪᠠᠭᠤᠷᠠᠶ ᠲᠠᠯ᠎ᠠ ᠣᠷᠣᠰᠢᠵᠤ ᠪᠠᠶᠢᠨ᠎ᠠ  ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ 1. ᠬᠠᠤᠯᠢ ᠬᠡᠷᠡᠭᠵᠢᠭᠦᠯᠬᠦ ᠠᠵᠢᠯᠲᠠᠨ ᠢ ᠨᠢᠭᠡᠨᠲᠡ ᠬᠤᠶᠠᠷ ᠳᠤᠭᠤᠶᠢᠯᠠᠩ ᠬᠤᠪᠢᠶᠠᠵᠤ᠂ ᠱᠠᠭᠠᠷᠳᠠᠯᠭ᠎ᠠ ᠶᠣᠰᠣᠭᠠᠷ ᠰᠠᠷ᠎ᠠ ᠪᠦᠷᠢ ᠪᠣᠶ ᠪᠥᠬᠦᠶ ᠡᠵᠡᠩᠨᠡᠯᠲᠡ ᠶᠢᠨ ᠲᠠᠯᠠᠪᠤᠷ ᠲᠤ ᠨᠢᠭᠡ ᠤᠳᠠᠭ᠎ᠠ ᠪᠠᠶᠢᠴᠠᠭᠠᠯᠲᠠ ᠬᠢᠬᠦ ᠶᠢᠨ ᠬᠠᠮᠲᠤ ᠬᠠᠮᠢᠶ᠎ᠠ ᠪᠥᠬᠦᠶ ᠪᠠᠶᠢᠴᠠᠭᠠᠯᠲᠠ ᠶᠢᠨ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠶ᠃ 2᠂ 2024 ᠣᠨ ᠤ 3 ᠰᠠᠷ᠎ᠠ ᠳᠤ ᠬᠠᠤᠯᠢ ᠬᠡᠷᠡᠭᠵᠢᠭᠦᠯᠬᠦ ᠠᠵᠢᠯᠲᠠᠨ ᠢ ᠰᠣᠩᠭᠤᠨ ᠲᠣᠮᠢᠯᠠᠵᠤ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠬᠠᠤᠯᠢ ᠬᠡᠷᠡᠭᠵᠢᠭᠦᠯᠬᠦ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠳᠤ ᠣᠷᠣᠯᠴᠠᠭᠤᠯᠵᠤ᠂ 7 ᠰᠠᠷ᠎ᠠ ᠳᠤ ᠬᠠᠤᠯᠢ ᠬᠡᠷᠡᠭᠵᠢᠭᠦᠯᠬᠦ ᠠᠵᠢᠯᠲᠠᠨ ᠢ ᠰᠣᠩᠭᠤᠨ ᠲᠣᠮᠢᠯᠠᠵᠤ ᠥᠪᠡᠷᠲᠡᠭᠡᠨ ᠵᠠᠰᠠᠬᠤ ᠣᠷᠣᠨ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠳᠤ ᠣᠷᠣᠯᠴᠠᠭᠤᠯᠪᠠ᠃ 3. ︽ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯ ᠤᠨ ᠲᠣᠭᠲᠠᠮᠠᠯ ᠬᠤᠷᠠᠯ ᠤᠨ ᠲᠦᠷᠢᠮ︾ ᠢ ᠲᠡᠭᠦᠯᠳᠡᠷᠵᠢᠭᠦᠯᠵᠦ᠂ 2023 ᠣᠨ ᠤ 11 ᠰᠠᠷ᠎ᠠ ᠶᠢᠨ 7 ᠤ ᠡᠳᠦᠷ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯ ᠤᠨ ᠲᠣᠭᠲᠠᠮᠠᠯ ᠬᠤᠷᠠᠯ ᠢ 1 ᠤᠳᠠᠭ᠎ᠠ ᠵᠣᠬᠢᠶᠠᠨ ᠪᠠᠶᠢᠭᠤᠯᠵᠤ ᠬᠤᠷᠠᠯᠳᠤᠭᠤᠯᠪᠠ︔ 2024 ᠤᠨ ᠪᠣᠯᠲᠠᠯ᠎ᠠ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯ ᠤᠨ ᠲᠣᠭᠲᠠᠮᠠᠯ ᠬᠤᠷᠠᠯ ᠢ 2 ᠤᠳᠠᠭ᠎ᠠ ᠬᠤᠷᠠᠯᠳᠤᠭᠤᠯᠪᠠ᠃  ᠪᠡᠶᠡᠯᠡᠭᠦᠯᠦᠭᠰᠡᠨ ᠪᠠᠶᠢᠳᠠᠯ ᠄ ᠨᠢᠭᠡᠨᠲᠡ ᠪᠡᠶᠡᠯᠡᠭᠦᠯᠪᠡ᠃  2᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠬᠢ ᠬᠠᠮᠵᠢᠯᠴᠠᠬᠤ ᠲᠣᠭᠲᠠᠴᠠ ᠲᠡᠭᠦᠯᠳᠡᠷ ᠪᠤᠰᠤ ᠪᠠᠶᠢᠬᠤ  ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ︽2024 ᠣᠨ ᠤ ︿ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ﹀ ᠰᠠᠯᠠᠭ᠎ᠠ ᠮᠥᠴᠢᠷ ᠠᠯᠤᠰᠯᠠᠭᠰᠠᠨ ᠠᠵᠢᠯ ᠤᠨ ᠲᠥᠯᠥᠪᠯᠡᠭᠡ︾ ᠶᠢ ᠲᠣᠭᠲᠠᠭᠠᠵᠤ᠂ ᠲᠥᠯᠥᠪᠯᠡᠭᠡ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠪᠠ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠡᠭᠦᠨ ᠤ ᠬᠠᠮᠲᠤ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠬᠦ ᠪᠠ ᠠᠵᠢᠯ ᠤᠨ ᠵᠣᠯᠭᠠᠯᠴᠠᠭ᠎ᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠵᠣᠯᠭᠠᠯᠴᠠᠭ᠎ᠠ ᠶᠢ ᠨᠢᠭᠲᠠᠷᠠᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠣᠳᠣᠬᠠᠨ ᠳᠤ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠭᠰᠠᠨ ᠪᠠᠶᠢᠴᠠᠭᠠᠯᠲᠠ ᠶᠢ 3 ᠤᠳᠠᠭ᠎ᠠ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ 2 ᠡᠷᠡᠭᠦᠦ ᠶᠢᠨ ᠬᠡᠷᠡᠭ ᠤᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠰᠢᠯᠵᠢᠭᠦᠯᠦᠨ ᠲᠤᠰᠢᠶᠠᠪᠠ᠃  ᠪᠡᠶᠡᠯᠡᠭᠦᠯᠦᠭᠰᠡᠨ ᠪᠠᠶᠢᠳᠠᠯ ᠄ ᠨᠢᠭᠡᠨᠲᠡ ᠪᠡᠶᠡᠯᠡᠭᠦᠯᠪᠡ᠃  ᠥᠷᠭᠡᠨ ᠤᠯᠠᠨ ᠺᠠᠳ᠋ᠷ ᠤᠯᠠᠨ ᠲᠦᠮᠡᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠡᠷᠪᠡ ᠰᠠᠨᠠᠯ ᠰᠠᠨᠠᠭᠤᠯᠭ᠎ᠠ ᠲᠠᠢ ᠪᠣᠯ ᠴᠠᠭ ᠲᠤᠬᠠᠢ ᠳᠤᠨᠢ ᠪᠢᠳᠡᠨ ᠳᠤ ᠲᠤᠰᠬᠠᠭᠠᠷᠠᠢ᠃ ᠬᠠᠷᠢᠯᠴᠠᠬᠤ ᠬᠡᠯᠪᠡᠷᠢ᠄ ᠤᠲᠠᠰᠤ 0476 - 3752985︔ ᠰᠢᠤᠳᠠᠨ ᠤ ᠵᠠᠬᠢᠳᠠᠯ ᠤᠨ ᠬᠠᠶᠢᠷᠴᠠᠭ᠄ ᠬᠠᠷᠠᠴᠢᠨ ᠬᠤᠰᠢᠭᠤᠨ ᠤ ᠵᠢᠨᠱᠠᠨ ᠪᠠᠯᠭᠠᠰᠤ ᠶᠢᠨ ᠶᠢᠨ ᠱᠠᠨ ᠶᠡᠭᠡ ᠵᠡᠭᠡᠯᠢ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ︔ ᠡᠯᠧᠺᠳ᠋ᠷᠣᠨ ᠰᠢᠤᠳᠠᠨ ᠤ ᠬᠠᠶᠢᠷᠴᠠᠭ᠄ 3290450254@qq. com᠃  ᠬᠠᠷᠠᠴᠢᠨ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ  2024 ᠣᠨ ᠤ 8 ᠰᠠᠷ᠎ᠠ ᠶᠢᠨ 15 ᠤ ᠡᠳᠦᠷ       
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号