ᠬᠤᠶᠠᠷ ᠲᠤ ᠡᠨᠧᠷᠭᠢ ᠣᠯᠭᠤᠬᠤ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠤᠨ᠎ᠠ᠃ ︽ᠭᠤᠷᠪᠠ ᠶᠢ ᠬᠠᠰᠤᠵᠤ | ᠭᠤᠷᠪᠠ ᠶᠢ ᠰᠢᠯᠢᠳᠡᠭᠵᠢᠭᠦᠯᠬᠦ︾ ᠠᠵᠢᠯ ᠢᠶᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠪᠠ ᠦᠢᠯᠡᠴᠢᠯᠡᠭᠡᠨ ᠤ ᠲᠣᠭᠲᠠᠴᠠ ᠶᠢ | ᠰᠢᠨ᠎ᠡ ᠪᠠᠷ ᠡᠮᠬᠢᠯᠡᠵᠦ᠂ ᠲᠣᠰᠬᠤᠨ ᠳᠤ ᠪᠠᠶᠢᠭᠤᠯᠤᠭᠰᠠᠨ ᠲᠣᠭᠲᠠᠭᠠᠯ ᠠᠴᠠ ᠵᠥᠷᠢᠴᠡᠭᠰᠡᠨ ᠠᠵᠢᠯ ᠤᠨ ᠲᠣᠭᠲᠠᠴᠠ | ᠪᠠ ᠫᠠᠶᠢᠰᠠ ᠶᠢ ᠪᠦᠬᠦ ᠲᠠᠯ᠎ᠠ ᠪᠠᠷ ᠴᠡᠪᠡᠷᠯᠡᠵᠦ᠂ ᠨᠠᠩ ᠣᠯᠠᠨ ᠬᠦᠴᠦᠨ ᠢ ᠨᠢᠭᠡᠳᠦᠭᠡᠷ ᠹᠷᠣᠨᠲ ᠲᠤ ᠪᠠᠭᠤᠯᠭᠠᠵᠤ᠂ | ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠠᠷᠢᠯᠭᠠᠬᠤ ᠵᠡᠷᠭᠡ ᠠᠵᠢᠯ ᠢ ᠥᠷᠭᠡᠨ ᠢᠶᠠᠷ ᠥᠷᠨᠢᠭᠦᠯᠦᠨ᠎ᠡ᠃ ᠣᠲᠣ ᠪᠣᠯᠲᠠᠯ᠎ᠠ᠂ ᠨᠢᠭᠡᠨᠲᠡ 7746 ᠲᠡᠮᠳᠡᠭ | ᠫᠠᠶᠢᠰᠠ ᠶᠢ ᠡᠮᠬᠢᠯᠡᠵᠦ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠵᠢᠷᠤᠮᠵᠢᠯ ᠦᠭᠡᠢ ᠪᠠᠷ ᠫᠠᠶᠢᠰᠠ | ᠡᠯᠭᠦᠬᠦ᠂ 2019 ᠬᠡᠰᠡᠭ ᠲᠡᠮᠳᠡᠭ ᠢ ᠴᠡᠪᠡᠷᠯᠡᠵᠦ᠂ ᠦᠢᠯᠡᠴᠢᠯᠡᠭᠡᠨ ᠤ ᠴᠣᠩᠬᠤ ᠶᠢ ᠰᠢᠯᠢᠳᠡᠭᠵᠢᠭᠦᠯᠦᠨ᠂ 623 | ᠬᠡᠷᠡᠭ ᠡᠷᠬᠢᠯᠡᠬᠦ ᠴᠣᠩᠬᠤ ᠶᠢ ᠨᠡᠶᠢᠯᠡᠭᠦᠯᠪᠡ᠃ | ᠭᠤᠷᠪᠠ ᠳᠤ᠂ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠎ᠠ᠃ ᠣᠯᠠᠨ ᠲᠦᠮᠡᠨ ᠳᠤ ᠲᠦᠰᠢᠭᠯᠡᠨ ᠬᠥᠳᠡᠭᠡ | ᠲᠣᠰᠬᠤᠨ ᠤ ᠴᠢᠳᠠᠮᠠᠭᠠᠶ ᠪᠠᠷ ᠵᠠᠰᠠᠬᠤ ᠶᠢ ᠠᠬᠢᠭᠤᠯᠵᠤ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ︽ | ᠵᠢᠵᠢᠭ ᠦᠨᠡᠨᠴᠢ ᠢᠲᠡᠭᠡᠮᠵᠢ · ᠶᠡᠭᠡ ᠬᠥᠭᠵᠢᠯᠲᠡ︾᠂ ᠨᠠᠷᠢᠨ ᠪᠠᠯᠭᠠᠰᠤᠨ ᠤ ︽ᠶᠣᠰᠣ ᠰᠤᠷᠲᠠᠬᠤᠨ ᠤ ᠬᠤᠭᠤᠯᠠᠨ | ᠭᠡᠷ︾ ᠵᠡᠷᠭᠡ ᠲᠡᠷᠢᠭᠦᠨ ᠤ ᠨᠡᠶᠢᠲᠡᠯᠢᠭ ᠲᠤᠷᠰᠢᠯᠭ᠎ᠠ ᠶᠢ ᠪᠠᠬᠢᠵᠢᠭᠦᠯᠦᠨ ᠥᠷᠭᠡᠳᠬᠡᠵᠦ᠂ ︽ᠢᠲᠡᠭᠡᠮᠵᠢ ᠶᠢᠨ ᠬᠤᠪᠢ | ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ︾ ᠪᠠᠷ ᠳᠠᠮᠵᠢᠭᠤᠯᠤᠨ ᠲᠣᠰᠬᠤᠨ ᠤ ᠠᠷᠠᠳ ᠤᠨ ᠮᠥᠷᠥᠨ ᠳᠡᠭᠡᠷᠡᠬᠢ | ᠬᠠᠷᠢᠭᠤᠴᠠᠯᠭ᠎ᠠ ᠲᠠᠢ᠂ ᠤᠷᠢᠳᠠᠪᠠᠷ ᠪᠠᠷᠢᠮᠵᠢᠶ᠎ᠠ ᠲᠠᠢ᠂ ᠦᠢᠯᠡ ᠠᠵᠢᠯᠯᠠᠭ᠎ᠠ ᠶᠢᠨ ᠬᠡᠮᠵᠢᠶ᠎ᠡ ᠲᠠᠢ᠂ | ᠰᠢᠯᠭᠠᠷᠠᠭᠤᠯᠤᠯᠲᠠ ᠳᠤ ᠦᠨᠳᠦᠰᠦ ᠪᠠᠷᠢᠮᠲᠠ ᠲᠠᠢ ᠪᠣᠯᠭᠠᠵᠤ᠂ ᠲᠣᠰᠬᠤᠨ ᠤ ᠠᠷᠠᠳ ᠤᠨ ᠤᠬᠠᠮᠰᠠᠷ ᠠᠴᠠ ᠪᠠᠨ | ᠳᠦᠷᠢᠮ ᠲᠣᠭᠲᠠᠭᠠᠯ ᠢ ᠵᠢᠷᠤᠮᠯᠠᠬᠤ ᠪᠠ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠢ ᠤᠯᠠᠮ | ᠨᠢᠭᠡ ᠠᠯᠬᠤᠮ ᠬᠥᠭᠵᠢᠭᠡᠵᠦ᠂ ᠬᠡᠪ ᠵᠠᠩᠰᠢᠯ ᠢ ᠥᠭᠡᠷᠡᠴᠢᠯᠡᠬᠦ᠂ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠬᠤ ᠶᠢ | ᠭᠦᠨᠵᠡᠭᠡᠶ ᠠᠬᠢᠭᠤᠯᠪᠠ᠃ |