ᠸᠠᠩ ᠶᠧ ᠹᠦ᠋ ᠪᠠᠯᠭᠠᠰᠤ᠄ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠲᠤᠷ ᠬᠢᠪᠡ ︵ᠨᠢᠭᠡ︶
ᠨᠡᠶᠢᠲᠡᠯᠡᠭᠰᠡᠨ ᠴᠠᠭ᠄
2024/8/20
   ᠦᠶᠡᠷ ᠢ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂ ᠸᠠᠩ ᠤᠨ ᠣᠷᠳᠣᠨ ᠪᠠᠯᠭᠠᠰᠤ ᠡᠷᠲᠡ ᠠᠴᠠ ᠲᠥᠯᠥᠪᠵᠢᠭᠦᠯᠬᠦ᠂ ᠡᠷᠲᠡ ᠠᠴᠠ ᠲᠣᠬᠢᠷᠠᠭᠤᠯᠬᠤ᠂ ᠡᠷᠲᠡ ᠠᠴᠠ ᠬᠥᠳᠡᠯᠦᠯᠴᠡᠬᠦ ᠵᠠᠷᠴᠢᠮ ᠢ ᠪᠠᠷᠢᠮᠲᠠᠯᠠᠵᠤ᠂ ᠦᠶᠡᠷ ᠢ ᠰᠡᠷᠭᠡᠶᠢᠯᠡᠬᠦ ᠰᠢᠰᠲ᠋ᠧᠮ ᠢ ᠪᠦᠷᠢᠨᠰᠢᠬᠦᠯᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠪᠠᠷ ᠭᠠᠷᠳᠠᠴᠠ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠪᠠ᠃   ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠸᠠᠩ ᠶᠧ ᠹᠦ᠋ ᠪᠠᠯᠭᠠᠰᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠵᠤ᠂ ᠣᠳᠣᠬᠠᠨ ᠤ ᠦᠶᠡᠷ ᠢ ᠰᠡᠷᠭᠡᠶᠢᠯᠡᠬᠦ ᠪᠠᠶᠢᠳᠠᠯ ᠢ ᠵᠠᠳᠠᠯᠤᠨ ᠰᠤᠳᠤᠯᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠦᠳᠲᠡᠷ ᠲᠦᠷᠭᠡᠨ ᠡᠬᠢᠯᠡᠭᠦᠯᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ︽ᠪᠠᠯᠭᠠᠰᠤᠨ ᠤ ᠨᠠᠮ ᠤᠨ ᠬᠤᠷᠢᠶ᠎ᠠ - ᠲᠣᠰᠬᠤᠨ ᠢ ᠳᠠᠭᠠᠭᠠᠴᠢᠯᠠᠭᠰᠠᠨ ᠺᠠᠳ᠋ᠷ - ᠲᠣᠰᠬᠤᠨ ᠤ ᠨᠠᠮ ᠤᠨ ᠡᠭᠦᠷ︾ ᠭᠤᠷᠪᠠᠨ ᠱᠠᠲᠤᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠪᠠᠶᠢᠭᠤᠯᠪᠠ᠃ ᠨᠢᠭᠡ ᠳᠤ᠂ ᠭᠤᠣᠯ ᠤᠳᠤᠷᠢᠳᠤᠯᠭ᠎ᠠ ᠨᠢᠭᠡᠳᠦᠭᠡᠷ ᠹᠷᠣᠨᠲ ᠤᠨ ᠵᠢᠯᠤᠭᠤᠳᠤᠯᠭ᠎ᠠ ᠶᠢ ︽ᠵᠢᠯᠤᠭᠤᠳᠤᠭᠴᠢ︾ ᠪᠣᠯᠬᠤ ᠮᠥᠷᠲᠡᠭᠡᠨ ᠪᠠᠰᠠ ︽ᠪᠠᠶᠢᠯᠳᠤᠭᠴᠢ︾ ᠪᠤᠯᠵᠤ᠂ ᠡᠯ᠎ᠡ ᠲᠣᠰᠬᠤᠨ ᠤ ᠴᠢᠬᠤᠯᠠ ᠪᠠᠶᠢᠷᠢ ᠶᠢ ᠲᠣᠭᠤᠷᠢᠨ ᠪᠠᠶᠢᠴᠠᠭᠠᠨ᠎ᠠ᠃ ᠡᠭᠦᠨ ᠤ ᠬᠠᠮᠲᠤ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠡᠯᠡᠳᠬᠡᠯ ᠂ ᠵᠢᠵᠢᠭᠦᠷᠯᠡᠨ ᠰᠠᠬᠢᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠡᠯ᠎ᠡ ᠲᠣᠰᠬᠤᠨ ᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠪᠣᠳᠠᠲᠠᠶᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠬᠤᠶᠠᠷ ᠲᠤ᠂ ᠪᠠᠯᠭᠠᠰᠤ ᠲᠣᠰᠬᠤᠨ ᠤ ᠺᠠᠳ᠋ᠷ ᠪᠦᠬᠦᠨ ᠢᠶᠠᠷ ᠢᠶᠠᠨ ᠲᠣᠰᠬᠤᠨ ᠳᠤ ᠬᠦᠷᠴᠦ᠂ ᠡᠯ᠎ᠡ ᠠᠶᠤᠯᠲᠠᠢ ᠪᠠᠷᠢᠯᠭ᠎ᠠ ᠶᠢᠨ ᠬᠡᠰᠡᠭ᠂ ᠤᠰᠤ ᠥᠩᠭᠡᠷᠡᠬᠦ ᠵᠠᠮ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠬᠠᠷᠢᠶ᠎ᠠ ᠣᠷᠣᠨ ᠤ ᠳᠣᠲᠣᠷᠠᠬᠢ ᠤᠯᠠᠨ ᠲᠦᠮᠡᠨ ᠢ ᠪᠠᠶᠢᠴᠠᠭᠠᠨ ᠣᠶᠢᠯᠠᠭᠠᠵᠤ᠂ ᠠᠪᠤᠷᠠᠨ ᠲᠤᠰᠠᠯᠠᠬᠤ ᠬᠥᠮᠦᠰ ᠢ ᠳᠠᠭᠠᠭᠠᠴᠢᠯᠠᠨ ᠬᠤᠯᠪᠣᠭᠠᠯᠠᠬᠤ ᠶᠢ ᠲᠣᠭᠲᠠᠭᠠᠵᠤ᠂ ᠬᠥᠮᠦᠰ ᠤᠨ ᠰᠠᠭᠤᠷᠢ ᠲᠤᠭ᠎ᠠ ᠶᠢ ᠲᠣᠳᠣᠷᠬᠠᠶᠢᠯᠠᠵᠤ᠂ ᠵᠠᠮ ᠱᠤᠭᠤᠮ ᠢ ᠲᠣᠳᠣᠷᠬᠠᠢ ᠰᠢᠯᠵᠢᠭᠦᠯᠦᠨ᠎ᠡ᠃ ᠭᠤᠷᠪᠠ ᠳᠤ ᠂ ︽ᠪᠣᠷᠣᠭᠠᠨ ᠤ ᠳᠠᠷᠠᠭ᠎ᠠ ᠵᠢᠭᠰᠠᠭᠠᠨ ᠪᠠᠶᠢᠴᠠᠭᠠᠬᠤ᠂ ᠪᠣᠷᠣᠭᠠᠨ ᠤ ᠳᠠᠷᠠᠭ᠎ᠠ ᠬᠠᠷᠭᠤᠭᠤᠯᠤᠨ ᠪᠠᠶᠢᠴᠠᠭᠠᠬᠤ︾ ᠪᠠ ︽ᠰᠣᠬᠤᠷ ᠪᠠᠯᠠᠶ ᠭᠠᠵᠠᠷ ᠦᠯᠡᠳᠡᠭᠡᠬᠦ ᠥᠬᠡᠶ᠂ ᠥᠨᠴᠥᠭ ᠪᠤᠯᠤᠩ ᠦᠯᠡᠳᠡᠭᠡᠬᠦ ᠥᠬᠡᠶ︾ ᠪᠠᠶᠢᠬᠤ ᠵᠠᠷᠴᠢᠮ ᠶᠣᠰᠣᠭᠠᠷ᠂ ᠡᠯ᠎ᠡ ᠲᠣᠰᠬᠤᠨ ᠢ ᠭᠤᠤᠯ ᠤᠨ ᠵᠠᠮ᠂ ᠬᠠᠰᠢᠯᠭ᠎ᠠ᠂ ᠬᠠᠷᠢᠶ᠎ᠠ ᠣᠷᠣᠨ ᠳᠤ ᠠᠭᠤᠯᠠᠨ ᠦᠶᠡᠷ ᠠᠮᠠᠷᠬᠠᠨ ᠡᠭᠦᠰᠬᠦ ᠵᠡᠷᠭᠡ ᠭᠠᠵᠠᠷ ᠤᠨ ᠭᠠᠶ ᠭᠠᠮᠰᠢᠭ ᠤᠨ ᠣᠷᠣᠨ ᠪᠦᠰᠡ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠳᠦᠷ ᠤᠨ ᠮᠡᠳᠡᠭᠦᠯᠦᠯᠲᠡ ᠶᠢᠨ ᠲᠦᠷᠢᠮ ᠢ ᠬᠡᠷᠡᠭᠵᠢᠭᠦᠯᠦᠨ᠂ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ︽ᠠᠮᠤᠷ ᠲᠦᠪᠰᠢᠨ ᠤ ᠬᠡᠷᠡᠮ︾ ᠢ ᠴᠢᠩᠭ᠎ᠠ ᠪᠥᠭᠡᠳ ᠪᠣᠳᠠᠲᠠᠶ ᠪᠠᠷ ᠪᠠᠲᠤ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号