ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠪᠡ᠃ ᠨᠢᠭᠡ ᠳᠤ᠂ ᠡᠯ᠎ᠡ ᠲᠣᠰᠬᠤᠨ ᠤᠳᠤᠷᠢᠳᠬᠤ ᠳᠤᠭᠤᠶᠢᠯᠠᠩ ᠢ ᠦᠳᠲᠡᠷ ᠲᠦᠷᠭᠡᠨ ᠪᠠᠶᠢᠭᠤᠯᠵᠤ᠂ | ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠰᠢᠨᠵᠢᠯᠡᠬᠦ ᠤᠬᠠᠭᠠᠨᠴᠢ | ᠪᠥᠭᠡᠳ ᠡᠮᠬᠢ ᠵᠢᠷᠤᠮ ᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠪᠠ᠃ ᠬᠤᠶᠠᠷ ᠲᠤ᠂ ᠵᠢᠵᠢᠭᠦᠷᠯᠡᠨ | ᠰᠠᠬᠢᠬᠤ ᠶᠢ ᠴᠢᠩᠭᠠᠳᠬᠠᠵᠤ᠂ ᠭᠤᠤᠯ ᠤᠳᠤᠷᠢᠳᠤᠯᠭ᠎ᠠ ᠵᠢᠵᠢᠭᠦᠷ ᠳᠠᠭᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ | ᠪᠠᠯᠭᠠᠰᠤ ᠲᠣᠰᠬᠤᠨ ᠬᠤᠶᠠᠷ ᠱᠠᠲᠤ 24 ᠴᠠᠭ ᠢᠶᠠᠷ ᠦᠶᠡᠷ ᠢ ᠰᠡᠷᠭᠡᠶᠢᠯᠡᠬᠦ ᠵᠢᠵᠢᠭᠦᠷ ᠤᠨ ᠲᠦᠷᠢᠮ ᠢ | ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠣᠭᠠᠯᠠᠨ ᠬᠥᠳᠡᠯᠦᠯᠴᠡᠬᠦ ᠠᠷᠭ᠎ᠠ ᠵᠠᠮ ᠢ ᠰᠠᠭᠠᠳ | ᠥᠬᠡᠶ ᠨᠡᠪᠲᠡᠷᠡᠭᠦᠯᠵᠦ᠂ ᠰᠢᠷᠦᠭᠦᠨ ᠪᠣᠷᠣᠭᠠᠨ ᠤ ᠬᠤᠭᠤᠴᠠᠭᠠᠨ ᠳᠤ ᠦᠶᠡᠷ ᠢ ᠰᠡᠷᠭᠡᠶᠢᠯᠡᠬᠦ ᠪᠡᠯᠡᠳᠬᠡᠯ ᠲᠥᠰᠦᠯ ᠢ | ᠲᠡᠷᠡ ᠳᠠᠷᠤᠶ ᠳᠤᠨᠢ ᠡᠬᠢᠯᠡᠭᠦᠯᠵᠦ᠂ ᠲᠡᠷᠡ ᠳᠠᠷᠤᠶ ᠳᠤᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠣᠯᠠᠨ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃ ᠭᠤᠷᠪᠠ ᠳᠤ᠂ ᠦᠶᠡᠷ ᠢ | ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ | ᠠᠷᠭᠠᠴᠠᠬᠤ ᠲᠡᠷᠭᠡ ᠬᠥᠰᠬᠡ᠂ ᠶᠠᠷᠢᠯᠴᠠᠭᠰᠠᠨ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠵᠡᠷᠭᠡ | ᠲᠥᠬᠦᠭᠡᠷᠦᠮᠵᠢ ᠶᠢ ᠲᠣᠬᠢᠷᠠᠭᠤᠯᠵᠤ᠂ ᠬᠠᠮᠢᠶ᠎ᠠ ᠪᠦᠬᠦᠢ ᠡᠳ᠋ ᠪᠣᠳᠠᠰ ᠢ ᠭᠦᠢᠴᠡᠳ ᠪᠡᠯᠡᠳᠬᠡᠬᠦ᠂ ᠲᠣᠬᠢᠷᠠᠭᠤᠯᠵᠤ | ᠳᠡᠶᠢᠯᠬᠦ᠂ ᠲᠡᠭᠡᠭᠡᠪᠦᠷᠢᠯᠡᠵᠦ ᠳᠡᠶᠢᠯᠬᠦ᠂ ᠬᠡᠷᠡᠭᠯᠡᠵᠦ ᠳᠡᠶᠢᠯᠬᠦ ᠶᠢ ᠦᠨᠡᠨ ᠬᠦ ᠪᠠᠲᠤᠯᠠᠵᠤ᠂ ᠠᠶᠤᠯ ᠭᠠᠮᠰᠢᠭ ᠠᠴᠠ | ᠠᠪᠤᠷᠠᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ | ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠣᠯᠠᠨ ᠲᠦᠮᠡᠨ ᠤ ᠦᠶᠡᠷ ᠢ ᠰᠡᠷᠭᠡᠶᠢᠯᠡᠬᠦ | ᠤᠬᠠᠮᠰᠠᠷ ᠢ ᠳᠡᠭᠡᠭᠰᠢᠯᠡᠭᠦᠯᠪᠡ᠃ ᠸᠢᠴᠠᠲ ᠤᠨ ᠪᠦᠯᠦᠭᠯᠡᠯ ᠢᠶᠠᠷ ᠳᠠᠮᠵᠢᠭᠤᠯᠤᠨ ᠳᠡᠭᠡᠳᠦ ᠱᠠᠲᠤᠨ ᠤ ᠴᠠᠭ ᠠᠭᠤᠷ ᠤᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠪᠥᠬᠦ ᠪᠠᠯᠭᠠᠰᠤᠨ ᠤ ᠦᠶᠡᠷ ᠢ ᠰᠡᠷᠭᠡᠶᠢᠯᠡᠬᠦ | ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ᠃ ︽ᠦᠶᠡᠷ ᠢ | ᠰᠡᠷᠭᠡᠶᠢᠯᠡᠬᠦ ᠮᠡᠳᠡᠭᠳᠡᠯ ᠤᠨ ᠪᠢᠴᠢᠭ︾ ᠢ ᠲᠣᠭᠲᠠᠭᠠᠵᠤ᠂ ᠡᠷᠦᠬᠡ ᠪᠣᠯᠭᠠᠨ ᠳᠤ ᠬᠦᠷᠭᠡᠵᠦ᠂ ᠰᠠᠭᠤᠭᠠᠯᠢ ᠠᠷᠠᠳ ᠤᠨ | ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠤᠨ᠎ᠠ᠃ ᠡᠭᠦᠨ ᠤ ᠬᠠᠮᠲᠤ ᠡᠯ᠎ᠡ ᠲᠣᠰᠬᠤᠨ ᠤ ᠢᠯᠡ ᠭᠠᠵᠠᠷ ᠲᠤ | ᠤᠬᠠᠭᠤᠯᠭ᠎ᠠ ᠶᠢᠨ ᠤᠷᠢᠶ᠎ᠠ ᠪᠠ ᠡᠯᠭᠦᠭᠡ ᠪᠢᠴᠢᠭᠡᠰᠦ ᠡᠯᠭᠦᠵᠦ᠂ ᠤᠬᠠᠭᠤᠯᠭ᠎ᠠ ᠶᠢᠨ ᠲᠡᠷᠭᠡ ᠪᠠᠷ ᠳᠠᠮᠵᠢᠭᠤᠯᠤᠨ | ᠲᠠᠭᠤᠨ ᠳᠠᠪᠲᠠᠮᠵᠢ ᠨᠡᠪᠲᠡᠷᠡᠭᠦᠯᠵᠦ᠂ ᠤᠯᠠᠨ ᠵᠦᠢᠯ ᠤᠨ ᠠᠷᠭ᠎ᠠ ᠵᠠᠮ ᠢᠶᠠᠷ ᠰᠠᠭᠤᠭᠠᠯᠢ ᠠᠷᠠᠳ ᠲᠤ ᠦᠶᠡᠷ ᠢ | ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠦᠶᠡᠷ ᠢ ᠰᠡᠷᠭᠡᠶᠢᠯᠡᠵᠦ ᠠᠶᠤᠯ ᠠᠴᠠ ᠵᠠᠶᠢᠯᠠᠬᠤ | ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃ |