ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠰᠢ᠂ ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ | ᠤᠰᠤᠨ ᠤ ᠬᠡᠮᠵᠢᠶ᠎ᠡ ᠦᠷᠭᠦᠯᠵᠢᠯᠡᠨ ᠳᠡᠭᠡᠭᠰᠢᠯᠡᠵᠡᠢ᠃ ᠦᠶᠡᠷ ᠢ ᠰᠡᠷᠭᠡᠶᠢᠯᠡᠬᠦ ᠬᠦᠨᠳᠦ ᠬᠡᠴᠡᠭᠦᠦ ᠪᠠᠶᠢᠳᠠᠯ ᠤᠨ | ᠡᠮᠦᠨ᠎ᠡ᠂ ᠣᠶᠢᠷ᠎ᠠ ᠶᠢᠨ ᠡᠳᠦᠷ ᠤᠳ ᠲᠤ ᠨᠠᠷᠢᠨ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠵᠦ᠂ ᠦᠶᠡᠷ ᠢ ᠰᠡᠷᠭᠡᠶᠢᠯᠡᠨ ᠦᠶᠡᠷ ᠢ ᠲᠤᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃ | ᠣᠶᠢᠷ᠎ᠠ ᠳᠤ᠂ ᠰᠤᠷᠪᠤᠯᠵᠢᠯᠠᠭᠴᠢ ᠯᠤᠤᠬ᠎ᠠ ᠶᠢᠨ ᠭᠤᠣᠯ ᠤᠨ ᠨᠠᠷᠢᠨ ᠪᠠᠯᠭᠠᠰᠤᠨ ᠤ ᠭᠠᠨᠰᠤ ᠮᠢᠶᠣᠣ ᠲᠣᠰᠬᠤᠨ ᠤ | ᠬᠡᠰᠡᠭ ᠲᠤ ᠬᠦᠷᠴᠦ᠂ ᠦᠶᠡᠷ ᠤᠨ ᠤᠰᠤ ᠨᠢ ᠰᠢᠪᠠᠷ ᠮᠠᠩᠬᠠᠨ ᠳᠤ ᠳᠠᠷᠤᠭᠳᠠᠨ ᠪᠠᠭᠤᠵᠤ ᠪᠠᠶᠢᠬᠤ ᠶᠢ ᠣᠯᠵᠤ | ᠬᠠᠷᠠᠭᠠᠳ᠂ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ ᠣᠯᠠᠨ ᠲᠦᠮᠡᠨ ᠪᠠᠬᠢᠯᠡᠯᠲᠡ ᠪᠠᠨ ᠴᠢᠩᠭ᠎ᠠ ᠰᠠᠬᠢᠵᠤ᠂ | ᠭᠤᠣᠯ ᠴᠠᠭᠳᠠᠬᠤ ᠠᠵᠢᠯ ᠢ ᠪᠠᠴᠢᠮ ᠶᠠᠭᠠᠷᠠᠯᠲᠠᠢ ᠡᠮᠬᠢ ᠵᠢᠷᠤᠮ ᠲᠠᠢ ᠥᠷᠨᠢᠭᠦᠯᠵᠦ ᠪᠠᠶᠢᠯ᠎ᠠ᠃ | ᠨᠠᠷᠢᠨ ᠪᠠᠯᠭᠠᠰᠤᠨ ᠤ ᠤᠰᠤᠨ ᠠᠰᠢᠭᠯᠠᠯᠲᠠ ᠶᠢᠨ ᠥᠷᠲᠡᠭᠡᠨ ᠤ ᠳᠠᠷᠤᠭ᠎ᠠ ᠢᠦᠶ ᠵᠥᠩ ᠹᠠᠩ | ᠰᠤᠷᠪᠤᠯᠵᠢᠯᠠᠭᠴᠢ ᠳᠤ ᠬᠡᠯᠡᠬᠦ ᠳᠡᠭᠡᠨ᠂ ᠣᠶᠢᠷ᠎ᠠ ᠶᠢᠨ ᠬᠤᠶᠠᠷ ᠡᠳᠦᠷ ᠯᠤᠤᠬ᠎ᠠ ᠶᠢᠨ ᠭᠤᠤᠯ ᠵᠢᠴᠢ ᠠᠭᠤᠯᠠᠨ | ᠦᠶᠡᠷ ᠤᠨ ᠭᠤᠤ ᠶᠢᠨ ᠤᠰᠤᠨ ᠤ ᠪᠠᠶᠢᠳᠠᠯ ᠤᠨ ᠬᠤᠪᠢᠷᠠᠯᠲᠠ ᠶᠡᠭᠡ ᠪᠣᠯᠬᠤᠷ ᠣᠳᠣᠬᠠᠨ ᠳᠤ 24 ᠴᠠᠭ ᠢᠶᠠᠷ | ᠵᠢᠵᠢᠭᠦᠷᠯᠡᠨ ᠰᠠᠬᠢᠵᠤ᠂ ᠴᠡᠭ ᠲᠣᠭᠲᠠᠭᠠᠨ ᠲᠣᠭᠤᠷᠢᠨ ᠪᠠᠶᠢᠴᠠᠭᠠᠵᠤ᠂ ᠤᠰᠤᠨ ᠲᠦᠪᠰᠢᠨ ᠳᠡᠭᠡᠭᠰᠢᠯᠡᠬᠦ ᠶᠢ ᠪᠥᠬᠦ | ᠲᠠᠯ᠎ᠠ ᠪᠠᠷ ᠠᠵᠢᠭᠯᠠᠵᠤ᠂ ᠬᠠᠰᠢᠯᠭ᠎ᠠ ᠳᠠᠯᠠᠩ ᠤᠨ ᠠᠶᠤᠯ ᠲᠦᠭᠰᠢᠭᠦᠷᠢ ᠪᠠᠶᠢᠬᠤ ᠡᠰᠡᠬᠦ ᠶᠢ ᠪᠠᠶᠢᠴᠠᠭᠠᠵᠤ᠂ ᠠᠶᠤᠯ | ᠲᠦᠭᠰᠢᠭᠦᠷᠢ ᠶᠢ ᠢᠯᠡᠷᠡᠭᠦᠯᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢ ᠦᠨᠡᠨ ᠬᠦ ᠪᠠᠲᠤᠯᠠᠪᠠ ᠭᠡᠵᠡᠶ᠃ | | | |