ᠪᠥᠬᠦ ᠬᠤᠰᠢᠭᠤᠨ ᠤ ᠠᠳᠠᠯ ᠠᠬᠤᠶ ᠶᠢᠨ ᠬᠠᠮᠢᠶᠠᠷᠤᠯᠲᠠ ᠵᠢᠴᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/22
  ᠪᠥᠬᠦ ᠬᠤᠰᠢᠭᠤᠨ ᠤ ᠠᠳᠠᠯ ᠠᠬᠤᠶ ᠶᠢᠨ ᠬᠠᠮᠢᠶᠠᠷᠤᠯᠲᠠ ᠵᠢᠴᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ   ᠤᠢᠷ᠎ᠠ ᠶᠢᠨ ᠡᠳᠦᠷ᠂ ᠪᠥᠬᠦ ᠬᠤᠰᠢᠭᠤᠨ ᠤ ᠠᠳᠠᠯ ᠠᠬᠤᠶ ᠶᠢᠨ ᠬᠠᠮᠢᠶᠠᠷᠤᠯᠲᠠ ᠵᠢᠴᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠢᠨ ᠵᠢᠱᠢᠭᠳᠡᠭᠴᠢ ᠵᠧᠩ ᠰᠢᠶᠠᠨ ᠬᠤᠶ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠠᠳᠠᠯ ᠠᠬᠤᠶ ᠶᠢᠨ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠ ᠬᠡᠰᠡᠭ ᠰᠠᠭᠤᠭᠠᠯᠢ ᠠᠷᠠᠳ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃  ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠵᠢᠴᠢ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠭᠰᠠᠨ ᠪᠥᠭᠡᠳ ᠠᠳᠠᠯ ᠠᠬᠤᠶ ᠶᠢᠨ ᠬᠠᠮᠢᠶᠠᠷᠤᠯᠲᠠ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠲᠤᠷᠰᠢᠯᠭ᠎ᠠ ᠠᠷᠭ᠎ᠠ ᠬᠢᠳᠡᠯ ᠤᠨ ᠲᠤᠬᠠᠶ ᠭᠦᠨᠵᠡᠭᠡᠶ ᠰᠣᠯᠢᠯᠴᠠᠪᠠ᠃  ᠬᠤᠷᠠᠯ ᠠᠴᠠ᠂ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠵᠢᠭᠦᠯᠬᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠠᠢ ᠃  ᠬᠤᠷᠠᠯ ᠠᠴᠠ ᠴᠢᠬᠤᠯᠠᠴᠢᠯᠠᠭᠰᠠᠨ ᠨᠢ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠶᠡᠭᠡ ᠵᠠᠰᠠᠯᠲᠠ ᠶᠢᠨ ᠰᠠᠭᠤᠷᠢ ᠮᠥᠩᠭᠦ᠂ ᠵᠠᠰᠠᠭ ᠤᠨ ᠣᠷᠳᠣᠨ ᠤ ᠨᠥᠬᠦᠪᠥᠷᠢ ᠶᠢᠨ ᠪᠡᠯᠡ ᠮᠥᠩᠭᠦ ᠶᠢ ᠰᠠᠶᠢᠲᠤᠷ ᠠᠰᠢᠭᠯᠠᠵᠤ᠂ ᠤᠯᠠᠨ ᠲᠦᠮᠡᠨ ᠤ ᠥᠭᠡᠷᠡᠴᠢᠯᠡᠯᠲᠡ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠠᠳᠠᠯ ᠠᠬᠤᠶ ᠶᠢᠨ ᠠᠵᠢᠯ ᠲᠥᠷᠥᠯ ᠤᠨ ᠬᠢᠷᠢ ᠴᠢᠳᠠᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠢ ᠰᠢᠯᠭᠠᠨ ᠬᠢᠨᠠᠬᠤ ᠲᠣᠭᠲᠠᠴᠠ ᠶᠢ ᠬᠡᠷᠡᠭᠵᠢᠭᠦᠯᠦᠨ᠂ ᠲᠣᠭᠲᠠᠮᠠᠯ ᠬᠤᠭᠤᠴᠠᠭ᠎ᠠ ᠲᠠᠢ ᠪᠠᠷ ︽ᠤᠯᠠᠭᠠᠨ ᠬᠠᠷ᠎ᠠ ᠰᠠᠮᠪᠠᠷ᠎ᠠ︾ ᠶᠢ ᠨᠡᠶᠢᠲᠡᠯᠡᠬᠦ ᠬᠡᠷᠡᠭᠲᠡᠶ᠃ ᠠᠳᠠᠯ ᠠᠬᠤᠶ ᠶᠢᠨ ᠰᠦᠢᠳᠬᠡᠯ ᠬᠤᠷᠢᠶᠠᠬᠤ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠠᠳᠠᠯ ᠠᠬᠤᠶ ᠶᠢᠨ ᠰᠦᠢᠳᠬᠡᠯ ᠬᠤᠷᠢᠶᠠᠬᠤ ᠪᠠᠷᠢᠮᠵᠢᠶ᠎ᠠ᠂ ᠦᠢᠯᠡᠴᠢᠯᠡᠭᠡᠨ ᠤ ᠲᠥᠷᠥᠯ ᠵᠦᠢᠯ ᠢ ᠢᠯᠡ ᠪᠣᠯᠭᠠᠵᠤ᠂ ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠠᠰᠢᠭ ᠣᠯᠵᠠᠪᠤᠷᠢ ᠶᠢᠨ ᠥᠮᠴᠢᠲᠡᠨ ᠤ ᠬᠠᠮᠢᠶᠠᠷᠤᠯᠲᠠ ᠶᠢ ᠮᠡᠳᠡᠬᠦ ᠡᠷᠬᠡ ᠲᠠᠢ ᠪᠥᠭᠡᠳ ᠬᠠᠮᠢᠶᠠᠷᠤᠯᠲᠠ ᠳᠤ ᠣᠷᠣᠯᠴᠠᠬᠤ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ᠂ ᠠᠳᠠᠯ ᠠᠬᠤᠢ ᠶᠢᠨ ᠺᠣᠮᠫᠠᠨᠢ᠂ ᠥᠮᠴᠢᠲᠡᠨ ᠤ ᠵᠥᠪᠯᠡᠯ ᠵᠡᠷᠭᠡ ᠡᠯ᠎ᠡ ᠲᠠᠯ᠎ᠠ ᠶᠢᠨ ᠬᠢᠨ ᠵᠣᠬᠢᠴᠠᠭᠤᠯᠤᠨ ᠬᠠᠮᠲᠤᠷᠠᠯᠴᠠᠭᠰᠠᠨ ︽ᠬᠤᠪᠢᠰᠬᠠᠯᠲᠤ ᠠᠳᠠᠯ ᠠᠬᠤᠢ︾ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠥᠮᠴᠢᠲᠡᠨ ᠤ ᠵᠥᠪᠯᠡᠯ ᠤᠨ ᠥᠪᠡᠷᠲᠡᠭᠡᠨ ᠵᠠᠰᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠰᠢᠨ᠎ᠡ ᠪᠠᠷ ᠪᠠᠶᠢᠭᠤᠯᠤᠭᠰᠠᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠤᠯᠠᠨ ᠲᠦᠷᠦᠯ ᠤᠨ ᠲᠦᠷᠦᠯ ᠬᠡᠯᠪᠡᠷᠢ ᠶᠢᠨ ᠠᠳᠠᠯ ᠠᠬᠤᠢ ᠶᠢᠨ ᠦᠢᠯᠡᠴᠢᠯᠡᠭᠡᠨ ᠤ ᠵᠠᠭᠪᠤᠷ ᠢ ᠬᠥᠭᠵᠢᠭᠦᠯᠬᠦ ᠬᠡᠷᠡᠭᠲᠡᠢ᠃ ᠡᠭᠦᠨ ᠤ ᠬᠠᠮᠲᠤ᠂ ᠠᠳᠠᠯ ᠠᠬᠤᠶ ᠶᠢᠨ ᠦᠢᠯᠡᠴᠢᠯᠡᠭᠡᠨ ᠤ ᠺᠣᠮᠫᠠᠨᠢ ᠨᠢ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠲᠣᠰ ᠪᠡᠶ᠎ᠡ ᠶᠢᠨ ᠬᠠᠮᠢᠶᠠᠷᠤᠯᠲᠠ ᠪᠠᠨ ᠵᠢᠷᠤᠮᠵᠢᠭᠤᠯᠤᠨ᠂ ᠥᠮᠴᠢᠲᠡᠨ ᠳᠤ ᠴᠢᠨᠠᠷ ᠰᠠᠶᠢᠲᠠᠶ᠂ ᠬᠠᠯᠠᠭᠤᠨ ᠳᠤᠯᠠᠭᠠᠬᠠᠨ ᠠᠳᠠᠯ ᠠᠬᠤᠶ ᠶᠢᠨ ᠦᠢᠯᠡᠴᠢᠯᠡᠭᠡ ᠬᠠᠩᠭᠠᠬᠤ ᠬᠡᠷᠡᠭᠲᠡᠶ ᠭᠡᠵᠠᠢ᠃   
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号