2024 ᠬᠠᠷᠠᠴᠢᠨ ᠬᠤᠰᠢᠭᠤᠨ ᠤ ᠮᠡᠶᠢᠷᠡᠨ ᠬᠦᠨᠳᠡᠢ ᠶᠢᠨ ᠬᠠᠭᠠᠰ ᠵᠠᠢ ᠶᠢᠨ ᠮᠠᠷᠠᠽᠤᠨ ᠤ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/8/26
2024 ᠬᠠᠷᠠᠴᠢᠨ ᠬᠤᠰᠢᠭᠤᠨ ᠤ ᠮᠡᠶᠢᠷᠡᠨ ᠬᠦᠨᠳᠡᠢ ᠶᠢᠨ ᠬᠠᠭᠠᠰ ᠵᠠᠢ ᠶᠢᠨ ᠮᠠᠷᠠᠽᠤᠨ ᠤ ᠤᠷᠤᠯᠳᠤᠭᠠᠨ ᠶᠠᠪᠤᠭᠳᠠᠭᠤᠯᠪᠠ8 ᠰᠠᠷ᠎ᠠ ᠶᠢᠨ 25 ᠤ ᠡᠳᠦᠷ᠂ 2024 ᠬᠠᠷᠠᠴᠢᠨ ᠬᠤᠰᠢᠭᠤᠨ ᠤ ᠮᠡᠶᠢᠷᠡᠨ ᠬᠦᠨᠳᠡᠢ ᠶᠢᠨ ᠬᠠᠭᠠᠰ ᠵᠠᠢ ᠶᠢᠨ ᠮᠠᠷᠠᠽᠤᠨ ᠤ ᠤᠷᠤᠯᠳᠤᠭᠠᠨ ᠶᠠᠪᠤᠭᠳᠠᠭᠤᠯᠪᠠᠲᠣᠰ ᠤᠳᠠᠭᠠᠨ ᠤ ᠤᠷᠤᠯᠳᠤᠭᠠᠨ ᠢ ᠤᠯᠠᠭᠠᠨᠬᠠᠳᠠ ᠶᠢᠨ ᠮᠠᠷᠠᠽᠤᠨ ᠤ ᠨᠡᠶᠢᠭᠡᠮᠯᠢᠭ᠂ ᠤᠯᠠᠭᠠᠨᠬᠠᠳᠠ ᠶᠢᠨ ᠬᠡᠭᠡᠷᠡᠯᠡᠨ ᠬᠦᠶᠦᠬᠦ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠭᠤᠤᠯᠯᠠᠨ ᠡᠷᠬᠢᠯᠡᠵᠦ᠂ ᠤᠯᠠᠭᠠᠨᠬᠠᠳᠠ ᠶᠢᠨ ᠱᠧᠩ ᠲᠤ ᠪᠡᠶ᠎ᠡ ᠶᠢᠨ ᠲᠠᠮᠢᠷ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠬᠢᠯᠡᠵᠦ᠂ ᠬᠤᠰᠢᠭᠤᠨ ᠤ ᠮᠠᠷᠠᠽᠤᠨ ᠤ ᠨᠡᠶᠢᠭᠡᠮᠯᠢᠭ᠂ ᠮᠠᠶᠢᠷᠠᠨ ᠭᠤᠤ ᠶᠢᠨ ᠥᠨᠳᠦᠷᠯᠢᠭ ᠤᠨ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠠᠮᠠᠷᠠᠯᠲᠠ ᠶᠢᠨ ᠣᠷᠣᠨ ᠬᠠᠮᠵᠢᠯᠴᠠᠨ ᠡᠷᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠣᠣ ᠼᠠᠢ ᠱᠧᠩ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠪᠠᠶ ᠳ᠋ᠠ ᠯᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠮᠡᠶᠢᠷᠡᠨ ᠪᠠᠯᠭᠠᠰᠤᠨ ᠤ ᠵᠠᠰᠠᠭ ᠤᠨ ᠣᠷᠳᠣᠨ᠂ ᠮᠡᠶᠢᠷᠡᠨ ᠭᠤᠤ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠮᠠᠷᠠᠽᠤᠨ ᠤ ᠨᠡᠶᠢᠭᠡᠮᠯᠢᠭ᠂ ᠤᠯᠠᠭᠠᠨᠬᠠᠳᠠ ᠶᠢᠨ ᠬᠡᠭᠡᠷᠡᠯᠡᠨ ᠭᠦᠶᠦᠬᠦ ᠪᠡᠶ᠎ᠡ ᠶᠢᠨ ᠲᠠᠮᠢᠷ ᠤᠨ ᠨᠡᠶᠢᠭᠡᠮᠯᠢᠭ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ ᠬᠠᠭᠠᠰ ᠵᠠᠶᠢᠲᠤ ᠮᠠᠷᠠᠽᠤᠨ ︵21.0975 ᠺᠢᠯᠣᠮᠧᠳ᠋ᠷ︶ ᠪᠣᠯᠤᠨ ᠬᠤᠸᠠᠨ ᠯᠧ ᠭᠦᠶᠦᠬᠦ ︵5 ᠺᠢᠯᠣᠮᠧᠳ᠋ᠷ︶ ᠬᠤᠶᠠᠷ ᠲᠥᠷᠥᠯ ᠵᠦᠢᠯ ᠢ ᠲᠣᠬᠢᠷᠠᠭᠤᠯᠵᠤ᠂ ᠪᠡᠭᠡᠵᠢᠩ᠂ ᠲᠢᠶᠠᠨᠵᠢᠨ᠂ ᠱᠠᠨ ᠰᠢ᠂ ᠯᠢᠶᠣᠤᠨᠢᠩ᠂ ᠥᠪᠥᠷ ᠮᠣᠩᠭᠤᠯ ᠵᠡᠷᠭᠡ ᠭᠠᠵᠠᠷ ᠠᠴᠠ ᠢᠷᠡᠭᠰᠡᠨ 3000 ᠭᠦᠶᠦᠯᠳᠡ ᠶᠢᠨ ᠪᠠᠭ᠋ᠠᠲᠠᠳ ᠮᠠᠶᠢᠷᠠᠨ ᠭᠤᠤ ᠳᠤ ᠴᠤᠭᠯᠠᠷᠠᠵᠤ᠂ ᠬᠠᠮᠲᠤ ᠪᠠᠷ ︽ᠠᠷᠢᠭᠤᠨ ᠴᠡᠪᠡᠷ ᠡᠷᠡᠭᠦᠯ ᠴᠢᠭᠢᠷᠠᠭ᠂ ᠰᠡᠷᠢᠭᠦᠨ ᠲᠠᠭᠠᠯᠠᠮᠵᠢᠲᠠᠶ︾ ᠮᠡᠶᠢᠷᠡᠨ ᠭᠤᠤ ᠵᠠᠮ ᠳᠠᠭᠠᠨ ᠮᠣᠷᠳᠠᠭᠰᠠᠨ ᠪᠠᠶᠢᠨ᠎ᠠ᠃ᠲᠤᠰ ᠤᠳᠠᠭᠠᠨ ᠤ ᠤᠷᠤᠯᠳᠤᠭᠠᠨ ᠤ ᠡᠬᠢᠯᠡᠯᠲᠡ ᠶᠢᠨ ᠴᠡᠭ ᠨᠢ ᠮᠠᠶᠢᠷᠠᠨ ᠶᠡᠭᠡ ᠪᠠᠭᠤᠳᠠᠯ ᠳᠤ ᠶᠠᠪᠤᠭᠳᠠᠵᠤ᠂ ᠮᠠᠶᠢᠷᠠᠨ ᠴᠠᠰᠤᠨ ᠳᠤ ᠭᠤᠯᠭᠤᠬᠤ ᠲᠠᠯᠠᠪᠠᠢ᠂ ᠺᠠᠩ ᠨᠢᠩ ᠰᠧ ᠰᠦᠮ᠎ᠡ᠂ ᠮᠥᠸᠧ ᠶᠦᠨ ᠱᠠᠨ ᠠᠭᠤᠯᠠᠨ ᠬᠥᠨᠳᠡᠢ ᠶᠢᠨ ᠬᠡᠭᠡᠷ᠎ᠡ ᠪᠠᠭᠤᠳᠠᠯᠯᠠᠬᠤ ᠭᠠᠵᠠᠷ᠂ ᠮᠠ ᠯᠢᠶᠠᠨ ᠳ᠋ᠤᠤ᠂ ᠳ᠋ᠢ ᠱᠦᠢ ᠨᠠᠭᠤᠷ ᠵᠡᠷᠭᠡ ᠵᠤᠭᠠᠴᠠᠯ ᠤᠨ ᠭᠠᠵᠠᠷ ᠢᠶᠠᠷ ᠳᠠᠮᠵᠢᠨ᠂ ᠭᠦᠶᠦᠯᠳᠦᠨ ᠵᠠᠮ ᠳᠠᠭᠠᠤ ᠶᠢᠨ ᠰᠣᠶᠣᠯ ᠢᠷᠭᠡᠨᠰᠢᠯ ᠪᠣᠯᠤᠨ ᠠᠮᠢ ᠠᠬᠤᠢ ᠶᠢᠨ ᠠᠭᠤᠰᠤᠯᠴᠠᠯ ᠤᠨ ᠵᠢᠷᠤᠭ ᠮᠡᠲᠦ ᠦᠵᠡᠰᠬᠦᠯᠡᠩᠲᠦ ᠰᠠᠶᠢᠬᠠᠨ ᠦᠵᠡᠮᠵᠢ ᠶᠢ ᠰᠣᠨᠢᠷᠬᠠᠵᠤ᠂ ᠵᠤᠰᠠᠯᠠᠩ ᠤᠨ ᠠᠶᠠᠯᠠᠯ ᠤᠨ ᠵᠣᠷᠢᠭᠰᠠᠨ ᠭᠠᠵᠠᠷ ᠤᠨ ᠰᠡᠷᠢᠭᠦᠨ ᠲᠠᠭᠠᠯᠠᠮᠵᠢᠲᠠᠶ ᠪᠠᠶᠢᠬᠤ ᠶᠢ ᠣᠶᠢᠯᠠᠭᠠᠪᠠ᠃ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠲᠠᠮᠢᠷᠴᠢᠨ ᠫᠧᠩ ᠲᠤᠤ 1 ᠴᠠᠭ 16 ᠮᠢᠨᠦ᠋ᠲ 42 ᠰᠧᠺᠦ᠋ᠨ᠋ᠳ᠋ ᠤᠨ ᠬᠢᠷᠢ ᠪᠦᠲᠦᠮᠵᠢ ᠪᠠᠷ ᠡᠷᠡᠭᠲᠡᠶ ᠶᠢᠨ ᠬᠠᠭᠠᠰ ᠵᠠᠶᠢᠲᠤ ᠮᠠᠷᠠᠽᠤᠨ ᠮᠠᠩᠯᠠᠢᠯᠠᠪᠠ ︔ ᠾᠧᠦ ᠶᠠᠨ ᠴᠦᠨ 1 ᠴᠠᠭ 33 ᠮᠢᠨᠦ᠋ᠲ 45 ᠰᠧᠺᠦ᠋ᠨ᠋ᠳ᠋ ᠤᠨ ᠬᠢᠷᠢ ᠪᠦᠲᠦᠮᠵᠢ ᠪᠠᠷ ᠡᠮᠡᠭᠲᠡᠶ ᠶᠢᠨ ᠬᠠᠭᠠᠰ ᠵᠠᠶᠢᠲᠤ ᠮᠠᠷᠠᠽᠤᠨ ᠮᠠᠩᠯᠠᠶᠢᠯᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号