ᠵᠤᠤ ᠶᠠᠨ ᠬᠤᠩ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠵᠡᠰ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠲᠦᠷᠦᠯ ᠵᠦᠢᠯ ᠢ ᠵᠣᠯᠭᠠᠭᠤᠯᠤᠨ ᠵᠥᠪᠳᠡᠯᠴᠡᠪᠡ
ᠨᠡᠶᠢᠲᠡᠯᠡᠭᠰᠡᠨ ᠴᠠᠭ᠄
2024/8/26
ᠵᠤᠤ ᠶᠠᠨ ᠬᠤᠩ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠵᠡᠰ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠲᠦᠷᠦᠯ ᠵᠦᠢᠯ ᠢ ᠵᠣᠯᠭᠠᠭᠤᠯᠤᠨ ᠵᠥᠪᠳᠡᠯᠴᠡᠪᠡ  8 ᠰᠠᠷ᠎ᠠ ᠶᠢᠨ 26 ᠤ ᠡᠳᠦᠷ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠵᠡᠰ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠲᠥᠷᠥᠯ ᠵᠦᠢᠯ ᠢ ᠵᠣᠯᠭᠠᠭᠤᠯᠤᠨ ᠵᠥᠪᠳᠡᠯᠴᠡᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠳᠤᠮᠳᠠᠳᠤ ᠤᠯᠤᠰ ᠤᠨ ᠵᠡᠰ ᠤᠨ ᠦᠢᠯᠡᠰ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠡᠳ᠋ ᠤᠨ ᠶᠠᠪᠤᠳᠠᠯ ᠤᠨ ᠶᠡᠷᠦᠩᠬᠡᠶ ᠬᠢᠨᠠᠭᠴᠢ ᠬᠤᠸᠠᠩ ᠶᠦᠨ ᠵᠢᠩ᠂ ᠳᠤᠮᠳᠠᠳᠤ ᠤᠯᠤᠰ ᠤᠨ ᠵᠡᠰ ᠤᠨ ᠦᠢᠯᠡᠰ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠶᠦᠨᠨᠠᠨ ᠤ ᠵᠡᠰ ᠤᠨ ᠦᠢᠯᠡᠰ ᠤᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠬᠤᠷᠢᠶᠠᠨ ᠤ ᠱᠦᠵᠢ ᠺᠦᠩ ᠳ᠋ᠧ ᠰᠥᠩ ᠵᠢᠴᠢ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠠᠷᠠᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠠ ᠵᠢᠩ ᠬᠤᠸᠠ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠸᠧᠶ᠂ ᠬᠠᠷᠠᠴᠢᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠴᠢᠦ ᠶᠧ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ᠂ ᠤᠯᠠᠭᠠᠨᠬᠠᠳᠠ ᠶᠢᠨ ᠶᠦᠨ ᠲᠥᠩ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠨ ᠪᠠᠶᠢᠭᠤᠯᠬᠤ ᠲᠦᠷᠦᠯ ᠵᠦᠢᠯ ᠢ ᠲᠦᠷᠭᠡᠳᠬᠡᠨ ᠠᠬᠢᠭᠤᠯᠬᠤ᠂ ᠣᠷᠣᠨ ᠨᠤᠲᠤᠭ ᠠᠵᠤ ᠠᠬᠤᠶᠢᠯᠠᠯ ᠬᠠᠮᠲᠤᠪᠠᠷ ᠠᠰᠢᠭ ᠬᠦᠷᠳᠡᠬᠦ ᠶᠢ ᠠᠬᠢᠭᠤᠯᠬᠤ ᠲᠤᠬᠠᠢ ᠭᠦᠨᠵᠡᠭᠡᠢ ᠰᠣᠯᠢᠯᠴᠠᠪᠠ᠃  ᠬᠤᠸᠠᠩ ᠶᠦᠨ ᠵᠢᠩ ᠂ ᠵᠤᠤ ᠶᠠᠨ ᠬᠤᠩ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠠᠷᠠᠴᠢᠨ ᠬᠤᠰᠢᠭᠤᠨ ᠤ ᠤᠯᠠᠭᠠᠨᠬᠠᠳᠠ ᠶᠢᠨ ᠶᠦᠨ ᠲᠦᠩ ᠤᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠳᠤᠮᠳᠠᠳᠤ ᠤᠯᠤᠰ ᠤᠨ ᠵᠡᠰ ᠤᠨ ᠦᠢᠯᠡᠰ ᠬᠤᠶᠠᠷ ᠲᠠᠯ᠎ᠠ ᠶᠢᠨ ᠡᠮᠦᠨᠡᠬᠢ ᠬᠤᠭᠤᠴᠠᠭᠠᠨ ᠤ ᠤᠯᠤᠯᠴᠠᠭ᠎ᠠ ᠰᠣᠯᠢᠯᠴᠠᠭ᠎ᠠ ᠶᠢᠨ ᠰᠠᠭᠤᠷᠢᠨ ᠳᠡᠭᠡᠷ᠎ᠡ᠂ ᠤᠯᠠᠮ ᠴᠢᠨᠠᠭᠰᠢᠳᠠ ᠤᠨᠢᠨ ᠳᠡᠭᠡᠷ᠎ᠡ ᠨᠢ ᠵᠣᠯᠭᠠᠭᠤᠯᠵᠤ᠂ ᠪᠠᠶᠢᠳᠠᠯ ᠢ ᠲᠠᠭᠠᠨ ᠠᠵᠢᠯᠯᠠᠵᠤ᠂ ᠤᠯᠠᠭᠠᠨᠬᠠᠳᠠ ᠶᠢᠨ ᠶᠦᠨ ᠲᠦᠩ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠨ ᠪᠠᠶᠢᠭᠤᠯᠬᠤ ᠲᠦᠷᠦᠯ ᠵᠦᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ ᠡᠭᠦᠨ ᠤ ᠬᠠᠮᠲᠤ᠂ ᠬᠤᠶᠠᠷ ᠲᠠᠯ᠎ᠠ ᠪᠠᠷ ᠢᠶᠠᠨ ᠦᠢᠯᠡᠳᠪᠦᠷᠢᠯᠡᠯ ᠤᠨ ᠴᠢᠳᠠᠪᠤᠷᠢ ᠶᠢ ᠰᠣᠯᠢᠬᠤ ᠨᠥᠬᠦᠪᠥᠷᠢ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠬᠠᠮᠤᠭ ᠤᠨ ᠰᠠᠶᠢᠨ ᠤᠶᠠᠯᠳᠤᠯ ᠤᠨ ᠴᠡᠭ ᠢ ᠢᠳᠡᠪᠬᠢᠲᠡᠢ ᠡᠷᠢᠯᠬᠢᠯᠡᠵᠦ᠂ ᠠᠰᠠᠭᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃  ᠵᠤᠤ ᠶᠠᠨ ᠬᠤᠩ ᠢᠯᠡᠳᠬᠡᠭᠰᠡᠨ ᠨᠢ᠂ ᠳᠤᠮᠳᠠᠳᠤ ᠤᠯᠤᠰ ᠤᠨ ᠵᠡᠰ ᠤᠨ ᠦᠢᠯᠡᠰ ᠣᠳᠣᠬᠠᠨ ᠤ ᠠᠵᠠ ᠲᠣᠬᠢᠶᠠᠯ ᠢ ᠭᠦᠢᠴᠡᠳ ᠡᠵᠡᠮᠳᠡᠵᠦ᠂ ᠪᠠᠶᠢᠳᠠᠯ ᠢ ᠠᠰᠢᠭᠯᠠᠨ ᠠᠵᠢᠯᠯᠠᠵᠤ᠂ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠭᠠᠨᠬᠠᠳᠠ ᠶᠢᠨ ᠶᠦᠨ ᠲᠥᠩ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠨ ᠪᠠᠶᠢᠭᠤᠯᠬᠤ ᠲᠦᠷᠦᠯ ᠵᠦᠢᠯ ᠢ ᠠᠯᠢ ᠲᠦᠷᠭᠡᠨ ᠢᠶᠠᠷ ᠪᠣᠳᠠᠲᠠᠢ ᠠᠬᠢᠴᠠ ᠲᠠᠢ ᠪᠣᠯᠭᠠᠬᠤ ᠶᠢ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠡᠭᠦᠨ ᠤ ᠬᠠᠮᠲᠤ᠂ ᠬᠠᠷᠠᠴᠢᠨ ᠬᠤᠰᠢᠭᠤ ᠲᠡᠤᠬᠡ ᠶᠢᠨ ᠬᠦᠴᠦᠨ ᠵᠦᠢᠯ ᠪᠠ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠦᠨᠡᠨ ᠠᠴᠠ ᠵᠥᠪ ᠢ ᠡᠷᠢᠬᠦ ᠵᠠᠷᠴᠢᠮ ᠶᠣᠰᠣᠭᠠᠷ᠂ ᠤᠶᠠᠯᠳᠤᠯ ᠤᠨ ᠴᠡᠭ ᠪᠠ ᠭᠠᠷᠳᠠᠬᠤ ᠴᠡᠭ ᠢ ᠣᠨᠣᠪᠴᠢᠲᠠᠶ ᠣᠯᠵᠤ᠂ ᠦᠢᠯᠡᠳᠪᠦᠷᠢᠯᠡᠯ ᠤᠨ ᠴᠢᠳᠠᠪᠤᠷᠢ ᠶᠢ ᠰᠣᠯᠢᠵᠤ ᠨᠥᠬᠦᠪᠥᠷᠢᠯᠡᠬᠦ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠰᠢᠨ᠎ᠡ ᠠᠬᠢᠴᠠ ᠲᠠᠢ ᠪᠣᠯᠬᠤ ᠶᠢ ᠠᠬᠢᠭᠤᠯᠤᠨ᠎ᠠ᠃  ᠵᠤᠤ ᠶᠠᠨ ᠬᠤᠩ ᠪᠠᠰᠠ ᠳᠤᠮᠳᠠᠳᠤ ᠤᠯᠤᠰ ᠤᠨ ᠵᠡᠰ ᠤᠨ ᠦᠢᠯᠡᠰ ᠤᠨ ᠨᠠᠮ ᠤᠨ ᠬᠤᠷᠢᠶᠠᠨ ᠤ ᠱᠦᠵᠢ᠂ ᠶᠡᠷᠦᠩᠬᠡᠢ ᠳᠠᠭᠠᠭᠠᠮᠠᠯ ᠭᠤᠤ ᠬᠦᠢ ᠴᠤᠤ ᠲᠠᠢ ᠠᠭᠤᠯᠵᠠᠵᠤ᠂ ᠤᠯᠠᠭᠠᠨᠬᠠᠳᠠ ᠶᠢᠨ ᠶᠦᠨ ᠲᠦᠩ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠨ ᠪᠠᠶᠢᠭᠤᠯᠬᠤ ᠲᠦᠷᠦᠯ ᠵᠦᠢᠯ ᠤᠨ ᠲᠤᠬᠠᠢ ᠭᠦᠨᠵᠡᠭᠡᠢ ᠵᠣᠯᠭᠠᠭᠤᠯᠤᠨ ᠰᠣᠯᠢᠯᠴᠠᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号