ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠠᠴᠠ ᠡᠷᠭᠢᠯᠡᠭᠰᠡᠨ ᠬᠤᠶᠠᠳᠤᠭᠠᠷ ᠬᠤᠭᠤᠴᠠᠭᠠᠨ ᠤ | ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠨᠠᠭᠤᠷ ᠤᠨ ᠬᠥᠪᠡᠭᠡᠨ ᠤ ᠪᠡᠶ᠎ᠡ ᠶᠢᠨ ᠲᠠᠮᠢᠷ ᠤᠨ ᠲᠠᠯᠠᠪᠠᠶ ᠳᠤ | ᠬᠢᠵᠦ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ | ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠵᠢᠴᠢ ᠪᠥᠬᠦ ᠬᠤᠰᠢᠭᠤᠨ ᠤ 12 ᠰᠢᠶᠠᠩ ᠪᠠᠯᠭᠠᠰᠤ ︵ᠵᠡᠭᠡᠯᠢ | ᠭᠤᠳᠤᠮᠵᠢ︶᠂ ᠠᠵᠤ ᠠᠬᠤᠶᠢᠯᠠᠯ ᠤᠨ ᠲᠥᠯᠥᠭᠡᠯᠡᠭᠴᠢᠳ ᠤᠨ ᠠᠩᠭᠢ ᠶᠢᠨ ᠭᠡᠰᠢᠭᠦᠨ᠂ ᠬᠢᠨᠠᠭᠴᠢ᠂ ᠰᠠᠶᠢᠨ | ᠳᠤᠷ᠎ᠠ ᠶᠢᠨ ᠠᠵᠢᠯᠯᠠᠭᠴᠢ᠂ ᠬᠢᠨᠠᠨ ᠬᠠᠮᠠᠭᠠᠯᠠᠭᠴᠢ 120 ᠭᠠᠷᠤᠶ ᠬᠥᠮᠦᠨ ᠣᠷᠣᠯᠴᠠᠵᠠᠶ᠃ ᠪᠡᠶ᠎ᠡ ᠲᠠᠮᠢᠷ ᠤᠨ | ᠴᠤᠭᠯᠠᠭᠠᠨ ᠳᠤ ᠨᠡᠶᠢᠲᠡ 33 ᠮᠧᠳ᠋ᠷ ᠤᠨ ᠪᠠᠬᠢᠯᠡᠯᠲᠡ ᠪᠥᠮᠪᠦᠭᠡ᠂ 50 ᠮᠧᠳ᠋ᠷ ᠤᠨ ᠭᠦᠶᠦᠯᠲᠡ ᠬᠢᠬᠦ᠂ 50 | ᠮᠧᠳ᠋ᠷ ᠤᠨ ᠠᠯᠬᠤᠬᠤ ᠤᠷᠤᠯᠳᠤᠭᠠᠨ ᠵᠡᠷᠭᠡ 10 ᠭᠠᠷᠤᠶ ᠤᠷᠤᠯᠳᠤᠭᠠᠨ ᠤ ᠵᠦᠢᠯ ᠭᠠᠷᠭᠠᠵᠤ᠂ ᠨᠡᠶᠢᠲᠡ 33 | ᠬᠥᠮᠦᠨ ᠱᠠᠩᠨᠠᠯ ᠬᠦᠷᠲᠡᠪᠡ᠃ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ | ᠡᠷᠬᠢᠯᠡᠭᠰᠡᠨ ᠨᠢ ᠵᠡᠮᠳᠡᠭᠴᠦᠳ ᠤᠨ ᠡᠳᠦᠷ ᠲᠤᠲᠤᠮ ᠤᠨ ᠠᠮᠢᠳᠤᠷᠠᠯ ᠢ ᠤᠯᠠᠮ ᠨᠢᠭᠡ ᠠᠯᠬᠤᠮ | ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠵᠡᠮᠳᠡᠭᠴᠦᠳ ᠤᠨ ᠥᠪᠡᠷ ᠢ ᠪᠠᠨ ᠬᠦᠨᠳᠦᠳᠬᠡᠬᠦ᠂ | ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ ᠣᠶᠤᠨ ᠰᠠᠨᠠᠭᠠᠨ ᠤ | ᠳᠦᠷᠰᠦ ᠪᠠᠶᠢᠳᠠᠯ ᠢ ᠪᠦᠲᠦᠮᠵᠢᠲᠡᠶ ᠢᠯᠡᠷᠡᠭᠦᠯᠵᠦ᠂ ᠵᠡᠮᠳᠡᠭᠴᠦᠳ ᠤᠨ ᠵᠡᠮᠳᠡᠭᠴᠦᠳ ᠤᠨ ᠡᠷᠡᠭᠦᠯ ᠮᠡᠨᠳᠦ ᠶᠢ | ᠠᠬᠢᠭᠤᠯᠬᠤ ᠪᠠ ᠨᠡᠶᠢᠭᠡᠮ ᠤᠨ ᠠᠵᠢᠯᠯᠠᠭ᠎ᠠ ᠳᠤ ᠨᠠᠩ ᠰᠠᠶᠢᠲᠤᠷ ᠣᠷᠣᠯᠴᠠᠬᠤ ᠳᠤ ᠬᠦᠴᠦᠲᠡᠶ ᠨᠥᠬᠦᠴᠡᠯ | ᠪᠦᠷᠢᠯᠳᠦᠭᠦᠯᠵᠦ ᠥᠭᠴᠡᠶ᠃ |