ᠬᠠᠷᠢᠶᠠᠲᠤ ᠣᠷᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠣᠯᠠᠨ ᠲᠦᠮᠡᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ︽ᠬᠤᠤᠰ ᠪᠠᠶᠠᠷ︾ ᠤᠨ ᠬᠤᠭᠤᠴᠠᠭᠠᠨ ᠳᠠᠬᠢ | ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ | ᠲᠥᠯᠥᠭᠡ᠂ 9 ᠰᠠᠷ᠎ᠠ ᠶᠢᠨ 10 ᠤ ᠡᠳᠦᠷ ᠠᠴᠠ ᠡᠬᠢᠯᠡᠨ᠂ ᠾᠧᠪᠸᠢ ᠵᠡᠭᠡᠯᠢ ᠭᠤᠳᠤᠮᠵᠢ ᠣᠯᠠᠨ ᠠᠷᠭ᠎ᠠ | ᠬᠡᠮᠵᠢᠶ᠎ᠡ ᠪᠠᠷ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠮ ᠰᠣᠭᠤᠭ ᠢ ᠪᠥᠬᠦ | ᠬᠦᠴᠦᠨ ᠢᠶᠠᠷ ᠢᠶᠠᠨ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠪᠠ᠃ | ᠾᠧᠪᠧᠢ ᠵᠡᠭᠡᠯᠢ ᠭᠤᠳᠤᠮᠵᠢ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠲᠤᠰᠭᠠᠢ ᠰᠡᠳᠦᠪᠲᠦ | ᠬᠤᠷᠠᠯ ᠬᠢᠵᠦ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠢᠷᠢᠯᠠᠭᠤᠯᠵᠠᠢ᠃ ᠵᠡᠭᠡᠯᠢ ᠭᠤᠳᠤᠮᠵᠢ ᠶᠢᠨ ᠭᠤᠤᠯ | ᠤᠳᠤᠷᠢᠳᠤᠯᠭ᠎ᠠ ᠪᠡᠶ᠎ᠡ ᠪᠠᠷ ᠢᠶᠠᠨ ᠪᠦᠯᠬᠦᠮ ᠳᠠᠭᠠᠭᠤᠯᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ︽ᠭᠤᠷᠪᠠ ᠶᠢ | ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠰᠠᠯᠠᠭ᠎ᠠ | ᠮᠥᠴᠢᠷ ᠬᠠᠷᠢᠶ᠎ᠠ ᠣᠷᠣᠨ ᠤ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠰᠠᠯᠠᠭ᠎ᠠ ᠮᠥᠴᠢᠷ ᠲᠤ | ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠨ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠶᠢ ᠥᠷᠨᠢᠭᠦᠯᠪᠡ᠃ ᠾᠧᠪᠸᠢ ᠵᠡᠭᠡᠯᠢ ᠭᠤᠳᠤᠮᠵᠢ ︽ᠪᠠᠶᠢᠴᠠᠭᠠᠬᠤ - ᠴᠡᠭᠴᠡᠯᠡᠨ ᠰᠠᠶᠢᠵᠢᠷᠠᠭᠤᠯᠬᠤ - | ᠳᠠᠬᠢᠨ ᠪᠠᠶᠢᠴᠠᠭᠠᠬᠤ - ᠬᠠᠷᠢᠭᠤ ᠲᠤᠰᠬᠠᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠬᠠᠶ ᠶᠢᠨ | ᠲᠠᠯᠠᠪᠠᠶ ᠳᠤ ᠬᠠᠷᠢᠭᠤ ᠲᠤᠰᠬᠠᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠬᠠᠷᠢᠶ᠎ᠠ ᠣᠷᠣᠨ ᠤ ᠳᠣᠲᠣᠷᠠᠬᠢ | ᠨᠡᠭᠦᠷᠡᠰᠦᠨ ᠤ ᠪᠤᠰᠤ ᠠᠭᠤᠷᠬᠠᠶ᠂ ᠰᠤᠷᠭᠠᠭᠤᠯᠢ ᠶᠢᠨ ᠭᠠᠳᠠᠨᠠᠬᠢ ᠬᠠᠪᠰᠤᠷᠤᠨ ᠵᠢᠯᠣᠭᠤᠳᠬᠤ ᠠᠩᠭᠢ᠂ ᠠᠷᠠᠳ ᠠᠴᠠ | ᠡᠷᠭᠢᠯᠡᠭᠰᠡᠨ ᠬᠡᠤᠬᠡᠳ ᠤᠨ ᠴᠡᠴᠡᠷᠯᠢᠭ᠂ ᠨᠠᠰᠤᠲᠠᠨ ᠢ ᠠᠰᠠᠷᠠᠬᠤ ᠬᠦᠷᠢᠶᠡᠯᠡᠩ᠂ ᠬᠠᠶᠠᠭᠳᠠᠮᠠᠯ ᠡᠳ᠋ ᠬᠤᠳᠠᠯᠳᠤᠨ | ᠠᠪᠬᠤ ᠥᠷᠲᠡᠭᠡ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ᠂ ᠢᠳᠡᠭᠡᠨ ᠤᠮᠳᠠᠭᠠᠨ ᠵᠡᠷᠭᠡ ᠠᠵᠤ | ᠠᠬᠤᠶᠢᠯᠠᠯ ᠢ ᠨᠡᠶᠢᠲᠡ 18 ᠪᠠᠶᠢᠴᠠᠭᠠᠵᠤ᠂ 5 ᠳᠠᠯᠳᠠ ᠬᠡᠮ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ᠂ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ 5 ᠬᠤᠪᠢ ᠪᠠᠭᠤᠯᠭᠠᠪᠠ᠃ | ᠳᠠᠷᠠᠭᠠᠴᠢ ᠶᠢᠨ ᠠᠯᠬᠤᠮ ᠳᠤ᠂ ᠡᡁᠧᠪᠸᠢ ᠵᠡᠭᠡᠯᠢ ᠭᠤᠳᠤᠮᠵᠢ ᠶᠢᠨ ᠬᠢᠨ ᠭᠡᠮ ᠰᠣᠭᠤᠭ ᠤᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠳᠤ ᠬᠦᠴᠦᠯᠡᠵᠦ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠤᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ | ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ | |