ᠬᠠᠷᠠᠴᠢᠨ ᠬᠤᠰᠢᠭᠤ ︽ᠭᠤᠷᠪᠠᠨ ᠬᠤᠪᠢᠷᠠᠯᠲᠠ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠶᠣᠯ | ᠵᠢᠭᠤᠯᠴᠢᠯᠠᠯ ᠢ ᠠᠭᠤᠰᠤᠯᠴᠠᠭᠤᠯᠬᠤ᠂ ᠬᠥᠳᠡᠯᠮᠦᠷᠢ ᠦᠢᠯᠡᠴᠢᠯᠡᠭᠡ ᠪᠠᠷ ᠳᠠᠶᠢᠴᠢᠯᠠᠬᠤ ᠵᠡᠷᠭᠡ ᠵᠠᠭᠪᠤᠷ ᠢ ᠰᠦᠪᠡᠭᠴᠢᠯᠡᠨ | ᠳᠡᠭᠡᠭᠰᠢᠯᠡᠭᠦᠯᠵᠦ᠂ ᠬᠠᠮᠲᠤ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ᠂ ᠲᠠᠰᠤᠷᠠᠯᠲᠠ ᠥᠬᠡᠶ | ᠥᠷᠲᠡᠭ ᠢ ᠨᠡᠮᠡᠭᠳᠡᠭᠦᠯᠬᠦ ᠶᠢ ᠠᠬᠢᠭᠤᠯᠪᠠ᠃ | ᠨᠢᠭᠡ ᠳᠤ᠂ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠤᠯᠤᠰ ᠤᠨ ᠥᠮᠴᠢᠯᠡᠯ ᠤᠨ ᠪᠡᠯᠡ | ᠣᠷᠣᠭᠤᠯᠤᠯᠲᠠ ᠶᠢ ︽ᠭᠡᠷ ᠤᠨ ᠡᠵᠡᠨ︾ ᠪᠣᠯᠭᠠᠪᠠ᠃ ︽ᠭᠤᠷᠪᠠ ᠥᠬᠡᠶ︾ ︵ᠡᠬᠢ ᠪᠠᠶᠠᠯᠢᠭ ᠥᠬᠡᠶ᠂ ᠡᠳ᠋ | ᠬᠥᠷᠥᠩᠭᠡ ᠥᠬᠡᠶ᠂ ᠪᠠᠯᠠ ᠮᠥᠩᠭᠦ ᠥᠬᠡᠶ︶ ᠲᠣᠰᠬᠤᠨ ᠢ ᠵᠠᠰᠠᠭ ᠤᠨ ᠣᠷᠳᠣᠨ ᠠᠴᠠ ᠡᠯ᠎ᠡ ᠲᠥᠷᠥᠯ ᠤᠨ ᠪᠠᠯᠠ | ᠮᠥᠩᠭᠦ ᠶᠢ ᠨᠢᠭᠡᠳᠦᠯᠲᠡᠶ ᠲᠥᠯᠥᠪᠯᠡᠨ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠢ ᠪᠠᠶᠢᠭᠤᠯᠬᠤ ᠶᠢᠨ ᠬᠠᠮᠲᠤ | ᠭᠠᠵᠠᠷ ᠬᠡᠷᠡᠭᠯᠡᠬᠦ᠂ ᠪᠠᠯᠠ ᠮᠥᠩᠭᠦ᠂ ᠴᠢᠳᠠᠪᠤᠷᠢᠲᠠᠨ ᠤ ᠲᠠᠯ᠎ᠠ ᠪᠠᠷ ᠬᠡᠯᠪᠠᠶᠢᠯᠭᠡᠬᠦ ᠪᠥᠭᠡᠳ ᠵᠢᠵᠢᠭ ᠲᠣᠭᠤᠷᠢᠭ ᠠᠴᠠ | ᠲᠡᠵᠢᠭᠡᠨ ᠦᠷᠡᠵᠢᠭᠦᠯᠬᠦ ᠦᠢᠯᠡᠰ ᠤᠨ ᠬᠥᠲᠥᠴᠢ ᠠᠵᠤ ᠠᠬᠤᠶᠢᠯᠠᠯ ᠳᠤ ᠨᠠᠶᠢᠳᠠᠵᠤ ᠡᠵᠡᠩᠨᠡᠨ ᠬᠠᠮᠢᠶᠠᠷᠤᠭᠤᠯᠬᠤ ᠶᠢᠨ | ᠬᠠᠮᠲᠤ ᠲᠡᠳᠬᠦᠮᠵᠢ ᠭᠥᠷᠳᠡᠬᠦ ᠲᠣᠰᠬᠤᠨ ᠤ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠲᠥᠰᠦᠯ ᠢ | ᠲᠣᠭᠲᠠᠭᠠᠵᠤ᠂ ᠵᠢᠯ ᠪᠦᠷᠢ ᠶᠡᠷᠦᠩᠬᠡᠶ ᠪᠠᠯᠠ ᠣᠷᠣᠭᠤᠯᠤᠯᠲᠠ ᠶᠢᠨ ᠬᠡᠯᠡᠯᠴᠡᠭᠡᠷ ᠤᠨ ᠬᠠᠷᠢᠴᠠᠯ ᠶᠣᠰᠣᠭᠠᠷ ᠲᠣᠭᠲᠠᠮᠠᠯ | ᠠᠰᠢᠭ ᠭᠥᠷᠳᠡᠨ᠎ᠡ᠃ | |