ᠬᠤᠶᠠᠷ ᠲᠤ᠂ ᠵᠠᠬ᠎ᠠ ᠳᠡᠯᠭᠡᠭᠦᠷ ᠢᠶᠠᠷ ᠠᠬᠢᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ ᠢ ︽ᠬᠠᠮᠢᠶᠠᠷᠤᠭᠴᠢ︾ | ᠪᠣᠯᠭᠠᠪᠠ᠃ ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠤᠳ ᠡᠵᠡᠩᠨᠡᠯᠲᠡ ᠶᠢᠨ ᠭᠤᠤᠯ ᠴᠣᠭᠴᠠ ᠪᠣᠯᠤᠭᠰᠠᠨ ᠤ | ᠬᠤᠪᠢ ᠳᠤ᠂ ︽ᠲᠣᠮᠣ ᠬᠠᠮᠢᠶᠠᠷᠤᠭᠴᠢ︾ ᠶᠢᠨ ᠳᠦᠷᠢ ᠶᠢᠨ ᠲᠤᠰᠢᠶᠠᠯ ᠢ ᠡᠭᠦᠷᠭᠡᠯᠡᠵᠦ᠂ ᠲᠡᠵᠢᠭᠡᠨ ᠦᠷᠡᠵᠢᠭᠦᠯᠬᠦ | ᠵᠢᠵᠢᠭ ᠲᠣᠭᠤᠷᠢᠭ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠵᠢᠴᠢ ᠡᠳᠦᠷ ᠲᠤᠲᠤᠮ ᠤᠨ ᠠᠷᠠᠴᠢᠯᠠᠨ | ᠬᠠᠮᠠᠭᠠᠯᠠᠬᠤ ᠶᠢ ᠬᠠᠷᠢᠭᠤᠴᠠᠬᠤ ᠶᠢᠨ ᠬᠠᠮᠲᠤ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠲᠤᠬᠠᠶ ᠶᠢᠨ | ᠭᠠᠵᠠᠷ ᠲᠤᠨᠢ ᠠᠵᠢᠯ ᠣᠯᠵᠤ᠂ ᠵᠠᠬ᠎ᠠ ᠳᠡᠯᠭᠡᠭᠦᠷ ᠤᠨ ᠲᠦᠭᠰᠢᠭᠦᠷᠢ ᠶᠢ ᠡᠭᠦᠷᠭᠡᠯᠡᠨ᠎ᠡ᠃ ᠭᠡᠲᠡᠯ᠎ᠡ ᠵᠠᠰᠠᠭ ᠤᠨ | ᠣᠷᠳᠣᠨ ᠪᠠ ᠲᠣᠰᠬᠤᠨ ᠤ ᠬᠠᠮᠲᠤ ᠨᠡᠶᠢᠲᠡ ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠤᠨ ᠲᠤᠰᠬᠠᠶᠢᠵᠢᠭᠰᠠᠨ | ᠵᠠᠬ᠎ᠠ ᠳᠡᠯᠭᠡᠭᠦᠷ ᠤᠨ ᠠᠵᠢᠯᠯᠠᠭᠠᠨ ᠳᠤ ᠭᠠᠷ ᠲᠦᠷᠦᠭᠦ ᠥᠬᠡᠶ᠂ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ | ᠡᠷᠬᠡ ᠠᠰᠢᠭ ᠢ ᠭᠦᠢᠴᠡᠳ ᠪᠠᠲᠤᠯᠠᠬᠤ᠂ ᠠᠶᠤᠯ ᠲᠦᠭᠰᠢᠭᠦᠷᠢ ᠶᠢ ᠲᠣᠭᠲᠠᠭᠤᠨ ᠡᠵᠡᠮᠳᠡᠬᠦ ᠶᠢ ᠦᠨᠡᠨᠬᠦ ᠪᠠᠲᠤᠯᠠᠨ᠎ᠠ᠃ | ᠭᠤᠷᠪᠠ ᠳᠤ᠂ ᠲᠣᠰᠬᠤᠨ ᠤ ᠬᠠᠮᠲᠤ ᠶᠢ ︽ᠬᠤᠪᠢ ᠣᠷᠣᠭᠤᠯᠤᠭᠴᠢ︾ ᠪᠣᠯᠭᠠᠨ ᠬᠤᠪᠢᠷᠠᠭᠤᠯᠪᠠ᠃ | ᠲᠣᠰᠬᠤᠨ ᠤ ᠬᠠᠮᠲᠤ ᠨᠡᠶᠢᠲᠡ ᠪᠠᠷ ᠢᠶᠠᠨ ᠭᠠᠵᠠᠷ ᠰᠢᠷᠣᠶ ᠵᠡᠷᠭᠡ ᠡᠬᠢ ᠪᠠᠶᠠᠯᠢᠭ ᠢᠶᠠᠷ ᠬᠤᠪᠢ ᠣᠷᠣᠭᠤᠯᠵᠤ᠂ | ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠤᠨ ᠭᠤᠤᠯ ᠬᠤᠪᠢ ᠣᠷᠣᠭᠤᠯᠤᠭᠴᠢ ᠪᠣᠯᠵᠣ᠂ ᠵᠢᠯ ᠪᠦᠷᠢ | ᠳᠤᠮᠳᠠ ᠠᠴᠠ ᠨᠢ ︽ᠠᠰᠢᠭ ᠬᠤᠪᠢᠶᠠᠬᠤ︾ ᠶᠢ ᠣᠯᠵᠤ᠂ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ | ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠣᠳᠣᠬᠠᠨ ᠪᠣᠯᠲᠠᠯ᠎ᠠ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠᠭ᠎ᠠ | ᠲᠣᠭᠤᠷᠢᠭ ᠢ 10 ᠰᠠᠭᠤᠷᠢ 11.4 ᠲᠦᠮᠡᠨ ᠲᠡᠭᠰᠢ ᠳᠥᠷᠪᠡᠯᠵᠢᠨ ᠮᠧᠲᠷ᠂ ᠢᠳᠡᠰᠢᠨ ᠨᠤᠭᠤᠰᠤ ᠲᠡᠵᠢᠭᠡᠨ | ᠦᠷᠡᠵᠢᠭᠦᠯᠬᠦ ᠪᠠᠭ᠎ᠠ ᠲᠣᠭᠤᠷᠢᠭ ᠢ 65 ᠰᠠᠭᠤᠷᠢ 85 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠵᠤ᠂ ᠪᠥᠬᠦ | ᠬᠤᠰᠢᠭᠤᠨ ᠤ ᠲᠣᠰᠬᠤᠨ ᠤ ᠬᠠᠮᠲᠤ ᠶᠢᠨ ᠵᠢᠯ ᠤᠨ ᠣᠷᠣᠯᠭ᠎ᠠ ᠶᠢ 10 ᠲᠦᠮᠡᠨ ᠲᠥᠭᠦᠷᠢᠭ ᠠᠴᠠ ᠳᠡᠭᠡᠭᠰᠢ ᠳᠤ | ᠬᠦᠷᠭᠡᠪᠡ᠃ | |