ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠰᠬᠠᠶ ᠪᠠᠶᠢᠴᠠᠭᠠᠨ ᠦᠵᠡᠪᠡ ︵ᠬᠤᠶᠠᠷ︶
ᠨᠡᠶᠢᠲᠡᠯᠡᠭᠰᠡᠨ ᠴᠠᠭ᠄
2024/9/13
   ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠬᠤᠰᠢᠭᠤᠨ ᠤ ᠵᠠᠰᠠᠭ ᠤᠨ ᠣᠷᠳᠣᠨ ᠵᠢᠴᠢ ᠲᠡᠭᠦᠨ ᠤ ᠪᠦᠷᠢᠯᠳᠦᠬᠦᠨ ᠰᠠᠯᠠᠭ᠎ᠠ ᠮᠥᠴᠢᠷ ᠤᠨ ᠬᠢᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ︽ᠬᠠᠷᠠᠴᠢᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠲᠦᠷᠢᠮ ᠤᠨ ᠠᠵᠢᠯ ᠤᠨ ᠲᠥᠰᠦᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠥᠬᠦ ᠬᠤᠰᠢᠭᠤᠨ ᠤ 10 ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠣᠭᠤᠷᠢᠨ ᠳᠤ ᠨᠠᠷᠢᠯᠢᠭ ᠣᠨᠣᠴᠠᠲᠠᠶ ᠪᠠᠷ ᠬᠦᠴᠦᠯᠡᠵᠦ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠢᠯᠡᠳᠲᠡ ᠪᠣᠯᠪᠠ᠃   ᠰᠢᠨᠵᠢᠯᠡᠨ ᠪᠠᠶᠢᠴᠠᠭᠠᠬᠤ ᠶᠠᠪᠤᠴᠠ ᠳᠤ᠂ ᠵᠠᠩ ᠬᠤᠸᠠ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠱᠠᠭᠠᠷᠳᠠᠯᠭ᠎ᠠ ᠳᠤᠷᠠᠳᠴᠤ᠂ ︽ᠠᠷᠠᠳ ᠤᠨ ᠤᠯᠤᠰ ᠲᠥᠷᠥ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ︾ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ ᠵᠦᠶ᠋ᠯ᠂ ᠵᠠᠮ ᠬᠠᠷᠢᠯᠴᠠᠭᠠᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠠᠷᠠᠳ ᠣᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ᠂ ᠥᠷᠭᠡᠨ ᠢᠶᠠᠷ ᠰᠤᠷᠪᠤᠯᠵᠢᠯᠠᠬᠤ ᠪᠠ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ ᠪᠠᠶᠢᠳᠠᠯ ᠢ ᠨᠠᠷᠢᠨ ᠣᠶᠢᠯᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠲᠤᠰᠬᠠᠨ᠂ ᠨᠡᠪᠲᠡᠷᠡᠯᠴᠡᠨ ᠵᠣᠬᠢᠴᠠᠭᠤᠯᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶ᠋ᠯ ᠤᠨ ᠴᠢᠨᠠᠷ ᠰᠠᠶᠢᠲᠠᠶ᠂ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠤᠭᠳᠠᠬᠤ ᠶᠢ ᠠᠬᠢᠭᠤᠯᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号