ᠬᠠᠷᠠᠴᠢᠨ ᠬᠤᠰᠢᠭᠤᠨ ᠤ 2024 ᠣᠨ ᠤ 1 - 8 ᠰᠠᠷ᠎ᠠ ᠶᠢᠨ ᠡᠯ᠎ᠡ ᠵᠦᠢᠯ ᠤᠨ ᠠᠵᠤ ᠠᠬᠤᠶ ᠶᠢᠨ ᠭᠦᠢᠴᠡᠳᠬᠡᠯ | ᠲᠤᠭ᠎ᠠ ᠶᠢᠨ ᠪᠣᠳᠠᠲᠠᠶ ᠪᠠᠶᠢᠳᠠᠯ | ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ ᠦᠢᠯᠡᠳᠬᠦᠨ ᠤ ᠥᠷᠲᠡᠭ ᠤᠨ | ᠲᠠᠯ᠎ᠠ ᠪᠠᠷ᠂ 1 - 8 ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠦᠷᠳᠡᠭ 237.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 17.0% ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ ᠢ ᠳᠠᠶᠢᠴᠢᠯᠠᠵᠤ ᠡᠮᠦᠨ᠎ᠡ | ᠭᠤᠷᠪᠠ ᠳᠤ ᠵᠢᠭᠰᠠᠭᠠᠭᠳᠠᠭᠰᠠᠨ ᠨᠢ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ | ᠦᠢᠯᠡᠳᠪᠦᠷᠢ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ | ᠦᠢᠯᠡᠳᠬᠦ ᠦᠢᠯᠡᠰ ᠵᠢᠴᠢ ᠥᠩᠭᠡᠲᠦ ᠲᠡᠮᠦᠷᠯᠢᠭ ᠤᠨ ᠬᠦᠳᠡᠷ ᠰᠢᠯᠢᠬᠦ ᠦᠢᠯᠡᠰ | ᠪᠣᠯᠤᠨ᠎ᠠ᠂ ᠲᠣᠰ ᠲᠣᠰ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠢ ᠳᠠᠶᠢᠴᠢᠯᠠᠨ 16.3᠂ 0.7 ᠪᠠ 0.4 ᠵᠠᠭᠤᠨ ᠤ ᠴᠡᠭ | ᠳᠡᠭᠡᠭᠰᠢᠯᠡᠭᠦᠯᠪᠡ᠃ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢᠨ ᠲᠠᠯ᠎ᠠ ᠪᠠᠷ᠂ ᠪᠥᠬᠦ ᠬᠤᠰᠢᠭᠤᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠡᠶᠢᠲᠡ 16.6% ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠭᠤᠷᠪᠠᠳᠤᠭᠠᠷ ᠲᠤ ᠣᠷᠣᠪᠠ᠃ | ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠲᠣᠭᠲᠠᠭᠤᠨ ᠪᠠᠶᠢᠨ᠎ᠠ᠃ 1 - 8 ᠰᠠᠷ᠎ᠠ ᠳᠤ᠂ ᠪᠥᠬᠦ | ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 21.9 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠪᠠᠷ ᠨᠡᠮᠡᠭᠳᠡᠨ᠂ ᠪᠥᠬᠦ | ᠬᠤᠲᠠ ᠳᠤ 8 ᠳ᠋ᠤᠭᠠᠷ ᠲᠤ ᠣᠷᠣᠪᠠ᠃ ᠭᠤᠣᠯ ᠪᠣᠯᠬᠤ ᠲᠠᠸᠠᠷ ᠤᠨ ᠪᠣᠷᠣᠯᠠᠭᠤᠯᠭ᠎ᠠ ᠠᠴᠠ ᠦᠵᠡᠪᠡᠯ᠂ 1 - 8 | ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ 10.8 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ ᠬᠤᠪᠢ ᠶᠢᠨ ᠵᠢᠩ 49.3% ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ᠃ | ᠪᠡᠯᠡ ᠣᠷᠤᠬᠤᠯᠤᠯᠲᠠ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ᠃ 1 - 8 ᠳ᠋ᠤᠭᠠᠷ ᠰᠠᠷ᠎ᠠ ᠳᠤ᠂ | ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ | ᠥᠬᠡᠶ︶ ᠠᠳᠠᠯᠢ ᠬᠤᠭᠤᠴᠠᠭᠠᠨ ᠤ ᠬᠢ ᠠᠴᠠ 28.4% ᠪᠠᠷ ᠨᠡᠮᠡᠭᠳᠡᠵᠦ᠂ ᠪᠥᠬᠦ ᠬᠤᠲᠠ ᠶᠢᠨ ᠳᠥᠷᠪᠡᠳᠦᠭᠡᠷ ᠲᠤ | ᠣᠷᠣᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 208.3% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.1% ᠪᠠᠷ ᠨᠡᠮᠡᠭᠳᠡᠵᠦ᠂ ᠭᠤᠷᠪᠠᠳᠤᠭᠠᠷ ᠠᠵᠤ | ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠪᠡ ︵ᠡᠭᠦᠨ ᠳᠤ᠄ | ᠭᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 9.0% ᠪᠠᠷ | ᠪᠠᠭᠤᠷᠠᠪᠠ︶᠃ | | |