9 ᠰᠠᠷ᠎ᠠ ᠶᠢᠨ 14 ᠤ ᠡᠳᠦᠷ᠂ ᠵᠢᠨᠱᠠᠨ ᠪᠠᠯᠭᠠᠰᠤᠨ ᠤ ᠵᠠᠰᠠᠭ ᠤᠨ ᠣᠷᠳᠣᠨ᠂ ᠬᠠᠷᠠᠴᠢᠨ ᠬᠤᠰᠢᠭᠤᠨ ᠤ ᠴᠢᠩ | ᠶᠤᠸᠠᠨ ᠵᠤᠭᠠᠴᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠠᠴᠠ ᠭᠤᠣᠯᠯᠠᠨ ᠡᠷᠬᠢᠯᠡᠭᠰᠡᠨ | ᠳᠣᠯᠣᠳᠤᠭᠠᠷ ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠵᠢᠴᠢ ᠢᠦᠢ | ᠯᠦᠩ ᠴᠤᠸᠠᠨ ᠤ ᠠᠯᠳᠠᠨ ᠨᠠᠮᠤᠷ ᠤᠨ ᠵᠤᠭᠠᠴᠠᠯ ᠤᠨ ᠨᠠᠶᠢᠷ ᠢᠦᠢ ᠯᠦᠩ ᠴᠤᠸᠠᠨ ᠤ ᠲᠠᠷᠢᠶᠠᠨ ᠭᠠᠵᠠᠷ ᠤᠨ | ᠶᠡᠷᠦᠩᠬᠡᠢ ᠴᠣᠭᠴᠠ ᠳᠤ ᠡᠬᠢᠯᠡᠪᠡ᠃ ᠤᠯᠠᠭᠠᠨᠬᠠᠳᠠ ᠳᠡᠭᠡᠳᠦ ᠰᠤᠷᠭᠠᠭᠤᠯᠢ᠂ ᠤᠯᠠᠭᠠᠨᠬᠠᠳᠠ ᠳᠡᠭᠡᠳᠦ | ᠰᠤᠷᠭᠠᠭᠤᠯᠢ ᠶᠢᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠶᠢᠨ ᠭᠤᠤᠯ ᠤᠳᠤᠷᠢᠳᠤᠯᠭ᠎ᠠ᠂ ᠬᠤᠰᠢᠭᠤᠨ ᠤ | ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ ᠬᠤᠷᠠᠯ ᠳᠤ | ᠣᠷᠣᠯᠴᠠᠵᠤ᠂ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ | ᠵᠢᠴᠢ ᠬᠡᠰᠡᠭ ᠰᠦᠯᠵᠢᠶᠡᠨ ᠤ ᠨᠡᠷᠡᠲᠦ ᠬᠥᠮᠦᠰ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ | ᠠᠵᠢᠯᠯᠠᠭ᠎ᠠ ᠳᠤ ᠣᠷᠣᠯᠴᠠᠵᠠᠶ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠬᠠᠷᠠᠴᠢᠨ ᠬᠤᠰᠢᠭᠤᠨ ᠤ ᠴᠢᠩ ᠶᠤᠸᠠᠨ ᠵᠢᠭᠤᠯᠴᠢᠯᠠᠯ ᠤᠨ | ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠵᠢᠨᠱᠠᠨ ᠪᠠᠯᠭᠠᠰᠤᠨ ᠤ ᠡᠷᠬᠢᠨ ᠲᠣᠭᠤᠷᠢᠨ ᠤ ᠣᠷᠣᠨ ᠪᠦᠰᠡ ᠶᠢᠨ | ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠨ᠂ ︽ᠤᠯᠤᠰ ᠤᠨ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠴᠢᠬᠤᠯᠠ ᠬᠥᠭᠵᠢᠯᠲᠡ ᠶᠢᠨ ᠠᠵᠠ | ᠲᠣᠬᠢᠶᠠᠯ ᠢ ᠡᠵᠡᠮᠳᠡᠵᠦ᠂ ︽ᠨᠢᠭᠡ ᠨᠠᠷᠢᠮᠤ᠂ ᠵᠢᠷᠭᠤᠭᠠᠨ ᠣᠷᠣᠨ᠂ ᠬᠤᠶᠠᠷ ᠰᠠᠭᠤᠷᠢᠨ ᠭᠠᠵᠠᠷ︾ ᠤᠨ ᠣᠷᠣᠨ | ᠵᠠᠶ ᠶᠢᠨ ᠪᠠᠶᠢᠷᠢᠰᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠣᠰᠣᠭᠠᠷ᠂ ᠨᠢᠭᠡᠳᠦᠭᠡᠷ ᠬᠤᠶᠠᠳᠤᠭᠠᠷ ᠭᠤᠷᠪᠠᠳᠤᠭᠠᠷ | ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠪᠡᠶᠡᠯᠡᠭᠦᠯᠬᠦ ᠶᠢ ᠠᠬᠢᠭᠤᠯᠪᠠ᠃ ᠵᠢᠨᠱᠠᠨ ᠪᠠᠯᠭᠠᠰᠤ ᠨᠢ ᠮᠠᠨ ᠤ | ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠴᠢᠬᠤᠯᠠ ᠪᠠᠯᠭᠠᠰᠤ ᠪᠣᠯᠤᠭᠰᠠᠨ ᠤ ᠬᠤᠪᠢ ᠳᠤ | ᠂ ᠠᠵᠤ ᠦᠢᠯᠡᠰ ᠢ ᠠᠳᠬᠤᠬᠤ᠂ ᠲᠠᠪᠴᠠᠩ ᠪᠠᠶᠢᠭᠤᠯᠬᠤ᠂ ᠪᠠᠯᠠ ᠣᠷᠣᠭᠤᠯᠤᠯᠲᠠ ᠶᠢ ᠠᠬᠢᠭᠤᠯᠬᠤ᠂ ᠣᠷᠴᠢᠨ | ᠲᠣᠭᠤᠷᠢᠨ ᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ | ᠲᠠᠰᠤᠷᠠᠯᠲᠠ ᠥᠬᠡᠶ ᠴᠢᠩᠭᠠᠷᠠᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠲᠥᠷᠥᠯ ᠵᠦᠢᠯ ᠢ ᠦᠷᠭᠦᠯᠵᠢᠯᠡᠨ | ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠵᠤ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠪᠡ᠃ | ᠲᠣᠰ ᠤᠳᠠᠭᠠᠨ ᠤ ᠠᠵᠢᠯᠯᠠᠭ᠎ᠠ ᠨᠢ 10 ᠰᠠᠷ᠎ᠠ ᠶᠢᠨ 15 ᠤ ᠡᠳᠦᠷ ᠪᠣᠯᠲᠠᠯ᠎ᠠ ᠦᠷᠭᠦᠯᠵᠢᠯᠡᠬᠦ ᠪᠣᠯᠤᠨ᠎ᠠ᠃ ᠡᠨᠡ | ᠬᠤᠭᠤᠴᠠᠭᠠᠨ ᠳᠤ ᠪᠠᠰᠠ ᠤᠷᠤᠯᠳᠤᠭᠠᠨ᠂ ᠪᠡᠯᠡᠭ ᠬᠦᠷᠭᠡᠬᠦ᠂ ᠳ᠋ᠧᠩ ᠤᠨ ᠣᠨᠢᠰᠤᠭ᠎ᠠ ᠲᠠᠭᠠᠬᠤ᠂ ᠳ᠋ᠧᠩ ᠤᠨ | ᠭᠡᠷᠡᠯ ᠤᠨ ᠦᠵᠡᠭᠦᠯᠦᠯᠭᠡ ᠬᠢᠬᠦ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠵᠤᠭᠠᠴᠠᠭᠰᠠᠳ ᠴᠦ ᠭᠤᠶᠤ ᠰᠠᠶᠢᠬᠠᠨ | ᠨᠤᠲᠤᠭ ᠤᠨ ᠵᠠᠩ ᠠᠭᠠᠯᠢ ᠪᠣᠯᠤᠨ ᠥᠪᠡᠷ ᠤᠨ ᠪᠡᠶ᠎ᠡ ᠪᠠᠷ ᠢᠶᠠᠨ ᠪᠡᠶᠡᠴᠢᠯᠡᠨ ᠣᠶᠢᠯᠠᠭᠠᠵᠤ ᠡᠯᠪᠡᠭ ᠬᠤᠷᠢᠶᠠᠯᠲᠠ ᠶᠢᠨ | ᠪᠠᠶᠠᠷ ᠪᠠᠭ᠋ᠠᠳᠤᠯ ᠢ ᠡᠳ᠋ᠯᠡᠬᠦ ᠪᠣᠯᠤᠨ᠎ᠠ᠃ |