ᠮᠠᠨ ᠤ ᠬᠤᠰᠢᠭᠤ 2024 ᠣᠨ ᠤ ᠳᠣᠤᠷ᠎ᠠ ᠬᠠᠭᠠᠰ ᠵᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠶᠡᠭᠡ ᠬᠤᠷᠠᠯ ᠬᠢᠪᠡ ︵ᠨᠢᠭᠡ︶
ᠨᠡᠶᠢᠲᠡᠯᠡᠭᠰᠡᠨ ᠴᠠᠭ᠄
2024/9/19
   9 ᠰᠠᠷ᠎ᠠ ᠶᠢᠨ 18 ᠤ ᠦᠳᠡ ᠶᠢᠨ ᠬᠤᠶᠢᠨ᠎ᠠ᠂ ᠮᠠᠨ ᠤ ᠬᠤᠰᠢᠭᠤᠨ ᠤ 2024 ᠣᠨ ᠤ ᠳᠣᠤᠷ᠎ᠠ ᠬᠠᠭᠠᠰ ᠵᠢᠯ ᠤᠨ ᠰᠢᠨ᠎ᠡ ᠴᠡᠷᠢᠭ ᠴᠡᠷᠢᠭ ᠲᠤ ᠮᠣᠷᠳᠠᠬᠤ ᠦᠳᠡᠨ ᠮᠣᠷᠳᠠᠭᠤᠯᠬᠤ ᠶᠡᠭᠡ ᠬᠤᠷᠠᠯ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠯᠢᠩ ᠬᠤᠷᠠᠯ ᠳᠤ ᠣᠷᠣᠯᠴᠠᠭᠰᠠᠨ ᠪᠥᠭᠡᠳ ᠶᠡᠭᠡ ᠬᠤᠷᠠᠯ ᠢ ᠡᠷᠭᠢᠯᠡᠪᠡ᠃ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠴᠡᠷᠢᠭ ᠡᠯᠰᠡᠬᠦ ᠠᠯᠪᠠᠨ ᠬᠡᠷ ᠤᠨ ᠡᠷᠬᠢᠯᠡᠭᠴᠢ ᠴᠠᠢ ᠴᠧᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠬᠤᠸᠠ ᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠲᠤᠰᠬᠠᠶ ᠵᠡᠪᠰᠡᠭᠲᠦ ᠬᠦᠴᠦᠨ ᠤ ᠺᠠᠳ᠋ᠷ᠂ ᠦᠳᠡᠨ ᠮᠣᠷᠳᠠᠭᠤᠯᠬᠤ ᠶᠣᠰᠣᠯᠠᠯ ᠳᠤ ᠣᠷᠣᠯᠴᠠᠪᠠ᠃   ᠦᠳᠡᠨ ᠮᠣᠷᠳᠠᠭᠤᠯᠬᠤ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠪᠡ᠃ ᠴᠠᠢ ᠴᠧᠩ 2024 ᠣᠨ ᠤ ᠳᠣᠣᠷ᠎ᠠ ᠬᠠᠭᠠᠰ ᠵᠢᠯ ᠤᠨ ᠰᠢᠨ᠎ᠡ ᠴᠡᠷᠢᠭ ᠴᠡᠷᠢᠭ ᠲᠤ ᠣᠷᠣᠬᠤ ᠵᠠᠷᠯᠢᠭ ᠪᠠᠭᠤᠯᠭᠠᠵᠠᠢ᠃ ᠰᠢᠨ᠎ᠡ ᠴᠡᠷᠢᠭ ᠤᠳ ᠤᠯᠠᠭᠠᠨ ᠬᠤᠸᠠᠷ ᠵᠡᠭᠦᠵᠦ᠂ ᠴᠤᠭ ᠵᠢᠪᠬᠤᠭ᠎ᠠ ᠪᠠᠳᠠᠷᠠᠩᠭᠤᠶ ᠂ ᠥᠪᠴᠢ ᠬᠤᠪᠴᠠᠯᠠᠵᠠᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号