ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠬᠠᠷᠠᠴᠢᠨ ᠬᠤᠰᠢᠭᠤᠨ ᠳᠤ ᠬᠦᠷᠴᠦ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/9/2
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠬᠠᠷᠠᠴᠢᠨ ᠬᠤᠰᠢᠭᠤᠨ ᠳᠤ ᠬᠦᠷᠴᠦ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠬᠢᠪᠡ  ᠤᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠬᠠᠤᠯᠢ ᠲᠦᠷᠢᠮ ᠤᠨ ᠵᠥᠪᠯᠡᠯ ᠤᠨ ᠭᠡᠰᠢᠭᠦᠨ ᠯᠢ ᠭᠠᠩ᠂ ᠵᠢᠶᠠᠩ ᠬᠤᠸᠠ ᠨᠠᠷ ᠮᠠᠨ ᠤ ᠬᠤᠰᠢᠭᠤᠨ ᠳᠤ ᠢᠷᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠲᠦᠷᠢᠮ ︵ᠲᠥᠰᠦᠯ︶︾ ᠤᠨ ᠲᠤᠬᠠᠶ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠥᠷᠨᠢᠭᠦᠯᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠡᠷᠬᠢᠯᠡᠭᠴᠢ ᠯᠢ ᠬᠠᠶ ᠹᠧᠩ᠂ ᠳᠡᠳ᠋ ᠡᠷᠬᠢᠯᠡᠭᠴᠢ ᠶᠠᠩ ᠵᠥᠩ ᠬᠤᠸᠠ᠂ ᠬᠤᠰᠢᠭᠤᠨ ᠲᠠᠰ ᠤᠨ ᠤᠳᠤᠷᠢᠳᠤᠯᠭ᠎ᠠ ᠬᠠᠨ ᠸᠧᠶ ᠼᠠᠢ᠂ ᠢᠦᠶ ᠬᠤᠸᠠ ᠶᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠳᠤ ᠭᠦᠨᠵᠡᠭᠡᠶᠢᠷᠡᠵᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠰᠢᠭᠤᠨ ᠤ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠰᠢᠰᠲ᠋ᠧᠮ ᠵᠢᠴᠢ ᠦᠢᠯᠡᠴᠢᠯᠡᠭᠡᠨ ᠤ ᠰᠦᠯᠵᠢᠶᠡᠨ ᠤ ᠪᠠᠶᠢᠭᠤᠯᠤᠯᠲᠠ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠵᠠᠷᠤᠳᠠᠯ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠵᠡᠷᠡᠮᠳᠡᠭ ᠲᠦᠷᠦᠬᠦ ᠶᠢ ᠰᠡᠷᠭᠡᠶᠢᠯᠡᠨ ᠵᠠᠰᠠᠬᠤ ᠠᠵᠢᠯ ᠢ ᠭᠦᠢᠴᠡᠳ ᠨᠤᠲᠠᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠪᠥᠬᠦ ᠨᠡᠶᠢᠭᠡᠮ ᠢᠶᠠᠷ ᠢᠶᠠᠨ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠠᠵᠢᠯ ᠳᠤ ᠬᠠᠮᠲᠤ ᠪᠠᠷ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠰᠡᠷᠭᠡᠶᠢᠯᠡᠨ ᠵᠠᠰᠠᠬᠤ ᠰᠢᠰᠲ᠋ᠧᠮ ᠢ ᠪᠠᠶᠢᠭᠤᠯᠬᠤ ᠬᠡᠷᠡᠭᠲᠡᠶ᠃ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ ᠂ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠠᠵᠢᠯ ᠤᠨ ᠵᠠᠭᠪᠤᠷ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ᠂ ᠵᠢᠷᠮᠦᠰᠦᠨ ᠬᠤᠭᠤᠴᠠᠭᠠᠨ ᠤ ᠪᠠᠶᠢᠴᠠᠭᠠᠯᠲᠠ᠂ ᠵᠡᠮᠳᠡᠭ ᠬᠡᠦᠬᠡᠳ ᠪᠣᠯᠤᠨ ᠬᠡᠦᠬᠡᠳ ᠤᠨ ᠬᠤᠭᠤᠴᠠᠭᠠᠨ ᠤ ᠡᠮᠴᠢᠯᠡᠭᠡ ᠵᠢᠴᠢ ᠡᠷᠡᠭᠦᠯᠵᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠤᠯᠠᠨ ᠲᠦᠮᠡᠨ ᠤ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠮᠡᠳᠡᠯᠭᠡ ᠶᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠵᠦ᠂ ᠴᠢᠭᠢᠷᠠᠭ ᠲᠦᠷᠦᠬᠦ ᠤᠬᠠᠮᠰᠠᠷ ᠪᠣᠯᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠴᠢᠩᠭᠠᠳᠬᠠᠵᠤ᠂ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠠᠵᠢᠯ ᠤᠨ ᠲᠦᠪᠰᠢᠨ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号