ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠣᠨ ᠤ ᠠᠮᠠᠷᠠᠯᠲᠠ ᠶᠢᠨ ᠬᠤᠭᠤᠴᠠᠭᠠᠨ ᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/2
  ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠣᠨ ᠤ ᠠᠮᠠᠷᠠᠯᠲᠠ ᠶᠢᠨ ᠬᠤᠭᠤᠴᠠᠭᠠᠨ ᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ  ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠤᠬᠡᠳ ᠪᠠ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠥᠷᠭᠡᠨ ᠣᠯᠠᠨ ᠬᠡᠤᠬᠡᠳ ᠢ ᠡᠷᠡᠭᠦᠯ᠂ ᠠᠮᠤᠷ ᠲᠦᠪᠰᠢᠨ᠂ ᠪᠣᠯᠪᠠᠰᠤᠨ᠂ ᠪᠠᠶᠠᠷ ᠬᠥᠷ ᠲᠠᠢ᠂ ᠤᠳᠬ᠎ᠠ ᠠᠭᠤᠯᠭ᠎ᠠ ᠲᠠᠢ ᠠᠮᠠᠷᠠᠯᠲᠠ ᠶᠢ ᠤᠷᠤᠭᠰᠢᠲᠠᠶ ᠲᠤᠭᠤᠯᠤᠭᠤᠯᠬᠤ  ᠶᠢᠨ ᠲᠤᠰᠠᠳᠠ᠂ ᠣᠶᠢᠷ᠎ᠠ ᠳᠤ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠡᠮᠡᠭᠲᠡᠶᠢᠴᠦᠳ ᠤᠨ ᠬᠤᠯᠪᠤᠭ᠎ᠠ ᠯᠤᠤᠽᠢ ᠶᠢᠨ ᠳ᠋ᠢᠶᠠᠨ ᠲᠣᠰᠬᠤᠨ ᠤ ︽ᠭᠡᠷ ᠤᠨ ᠠᠬᠠᠮᠠᠳ ᠤᠨ ᠰᠤᠷᠭᠠᠭᠤᠯᠢ︾ ᠪᠠᠷ ᠠᠴᠢᠶᠠᠯᠠᠪᠤᠷᠢ ᠪᠣᠯᠭᠠᠵᠤ᠂ ᠵᠣᠨ ᠤ ᠠᠮᠠᠷᠠᠯᠲᠠ ᠶᠢᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃  ᠣᠶᠢᠷ᠎ᠠ ᠳᠤ ᠪᠣᠷᠣᠭᠠᠨ ᠤᠷᠤᠭᠰᠠᠨ ᠠᠴᠠ ᠲᠣᠰᠬᠤᠨ ᠤ ᠭᠤᠤᠯ ᠮᠥᠷᠡᠨ ᠤ ᠤᠰᠤᠨ ᠲᠦᠪᠰᠢᠨ ᠶᠡᠭᠡ ᠪᠠᠷ ᠳᠡᠭᠡᠭᠰᠢᠯᠡᠵᠦ᠂ ᠬᠡᠦᠬᠡᠳ ᠤᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠲᠡᠳᠡᠨ ᠢ ᠬᠠᠪᠰᠤᠷᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠤᠷᠤᠭᠰᠢᠲᠠᠶ ᠤᠭᠲᠤᠵᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯᠲᠠᠳ ᠪᠥᠬᠦ ᠲᠠᠯ᠎ᠠ ᠶᠢᠨ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠲᠠᠶᠢᠯᠤᠮᠵᠢ ᠶᠢ ᠨᠠᠷᠢᠨ ᠨᠢᠮᠪᠠᠶ ᠵᠣᠬᠢᠶᠠᠨ ᠪᠠᠶᠢᠭᠤᠯᠪᠠ᠃ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠬᠤᠷ ᠸᠢᠳᠢᠤ᠋ ᠪᠠᠷ ᠳᠠᠮᠵᠢᠭᠤᠯᠤᠨ᠂ ᠪᠢᠴᠢᠬᠠᠨ ᠨᠠᠶᠢᠵᠠ ᠨᠠᠷ ᠲᠤ ᠤᠰᠤᠨ ᠳᠤ ᠵᠢᠪᠬᠦ ᠶᠢ ᠰᠡᠷᠭᠡᠶᠢᠯᠡᠬᠦ ᠶᠡᠷᠦ ᠶᠢᠨ ᠮᠡᠳᠡᠯᠭᠡ ᠪᠠ ᠤᠰᠤᠨ ᠳᠤ ᠵᠢᠪᠬᠦ ᠶᠢ ᠰᠡᠷᠭᠡᠶᠢᠯᠡᠬᠦ ᠠᠪᠤᠷᠠᠨ ᠲᠤᠰᠠᠯᠠᠬᠤ ᠠᠷᠭ᠎ᠠ ᠵᠡᠷᠭᠡ ᠠᠮᠤᠷ ᠲᠦᠪᠰᠢᠨ ᠤ ᠮᠡᠳᠡᠯᠭᠡ ᠶᠢ ᠲᠠᠨᠢᠯᠴᠠᠭᠤᠯᠵᠤ᠂ ᠤᠰᠤᠨ ᠳᠤ ᠵᠢᠪᠬᠦ ᠶᠢ ᠰᠡᠷᠭᠡᠶᠢᠯᠡᠬᠦ ︽ᠵᠢᠷᠭᠤᠭ᠎ᠠ ᠶᠢ ᠦᠯᠦ ᠵᠦᠪᠰᠢᠶᠡᠷᠡᠬᠦ᠂ ᠳᠥᠷᠪᠡ ᠶᠢ ᠪᠠᠲᠤ ᠴᠡᠭᠡᠵᠢᠯᠡᠬᠦ︾ ᠠᠭᠤᠯᠭ᠎ᠠ ᠶᠢ ᠭᠤᠤᠯᠳᠠᠯᠭ᠎ᠠ ᠲᠠᠢ ᠴᠢᠬᠤᠯᠠᠴᠢᠯᠠᠵᠤ᠂ ᠬᠡᠦᠬᠡᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠤᠰᠤᠨ ᠳᠤ ᠵᠢᠪᠬᠦ ᠠᠶᠤᠯ ᠠᠳᠡᠯ ᠭᠠᠷᠭᠠᠵᠤ ᠮᠡᠳᠡᠬᠦ ᠠᠯᠢᠪᠠ ᠬᠦᠴᠦᠨ ᠵᠦᠢᠯ ᠢ ᠬᠤᠷᠢᠭᠯᠠᠪᠠ᠃  ᠠᠮᠤᠷ ᠲᠦᠪᠰᠢᠨ ᠤ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠭᠰᠡᠨ ᠤ ᠲᠠᠷᠠᠭ᠎ᠠ᠂ ᠰᠢᠶᠠᠩ ᠤᠨ ᠡᠮᠡᠭᠲᠡᠶᠢᠴᠦᠳ ᠤᠨ ᠬᠤᠯᠪᠣᠭ᠎ᠠ ᠠᠴᠠ ᠬᠡᠦᠬᠡᠳ ᠨᠢᠭᠡᠪᠦᠷᠢ ᠳᠤ ᠨᠢᠭᠡ ᠢᠵᠢ ︽ᠳᠡᠭᠡᠷ᠎ᠡ ᠳᠣᠣᠷ᠎ᠠ ᠲᠠᠪᠤᠨ ᠮᠢᠩᠭᠠᠨ ᠵᠢᠯ︾ ᠤᠨ ᠨᠣᠮ ᠪᠢᠴᠢᠭ ᠪᠣᠯᠤᠨ ᠨᠢᠭᠡ ᠬᠠᠶᠢᠷᠴᠠᠭ ᠤᠰᠤᠨ ᠪᠤᠳᠤᠭᠲᠤ ᠪᠢᠷ ᠬᠦᠷᠭᠡᠵᠦ᠂ ᠬᠡᠦᠬᠡᠳ ᠤᠳ ᠴᠣ ᠰᠢᠨ᠎ᠡ ᠵᠢᠷᠤᠭ ᠤᠨ ᠪᠢᠷ ᠢᠶᠠᠨ ᠠᠪᠴᠤ ᠡᠴᠢᠭᠡ ᠡᠬᠡ ᠲᠠᠢ ᠪᠠᠨ ᠬᠠᠮᠲᠤ ᠪᠠᠷ ᠵᠣᠨ ᠤ ᠠᠮᠠᠷᠠᠯᠲᠠ ᠶᠢᠨ ᠬᠤᠭᠤᠴᠠᠭᠠᠨ ᠳᠤ ᠡᠭᠦᠰᠦᠭᠰᠡᠨ ᠭᠤᠶᠢᠳᠠ ᠰᠠᠶᠢᠬᠠᠨ ᠦᠯᠢᠭᠡᠷ ᠢ ᠠᠮᠢᠳᠤᠯᠢᠭ ᠵᠢᠷᠤᠭ ᠪᠣᠯᠭᠠᠨ ᠵᠢᠷᠤᠭᠴᠢᠯᠠᠵᠠᠢ ᠃  ᠲᠣᠰ ᠤᠳᠠᠭᠠᠨ ᠤ ᠠᠵᠢᠯᠯᠠᠭ᠎ᠠ ᠨᠢ ᠬᠡᠦᠬᠡᠳ ᠲᠤ ᠠᠮᠤᠷ ᠲᠦᠪᠰᠢᠨ ᠤ ᠮᠡᠳᠡᠯᠭᠡ ᠶᠢ ᠨᠠᠷᠢᠨ ᠬᠢᠨᠠᠮᠠᠭᠠᠶ ᠬᠦᠷᠲᠡᠭᠡᠭᠰᠡᠨ ᠢᠶᠠᠷ ᠪᠠᠷᠠᠬᠤ ᠥᠬᠡᠶ᠂ ᠪᠠᠰᠠ ᠵᠢᠷᠤᠭ ᠢᠶᠠᠷ ᠳᠠᠮᠵᠢᠭᠤᠯᠤᠨ ᠡᠴᠢᠭᠡ ᠡᠬᠡ ᠶᠢᠨ ᠢᠶᠠᠨ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ᠂ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠪᠠ᠃ ᠲᠠᠷᠠᠭᠠᠴᠢ ᠶᠢᠨ ᠠᠯᠬᠤᠮ ᠳᠤ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠭᠡᠷ ᠤᠨ ᠠᠬᠠᠮᠠᠳ ᠤᠨ ᠰᠤᠷᠭᠠᠭᠤᠯᠢ︾ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠡᠯ᠎ᠡ ᠲᠥᠷᠥᠯ ᠤᠨ ᠡᠴᠢᠭᠡ ᠡᠬᠡ ᠬᠡᠤᠬᠡᠳ ᠤᠨ ᠠᠵᠢᠯᠯᠠᠭ᠎ᠠ ᠶᠢ ᠥᠷᠨᠢᠭᠦᠯᠵᠦ᠂ ᠪᠥᠬᠦ ᠰᠢᠶᠠᠩ ᠤᠨ ᠡᠮᠡᠭᠲᠡᠶᠢᠴᠦᠳ ᠬᠡᠤᠬᠡᠳ ᠤᠨ ᠦᠢᠯᠡᠰ ᠲᠤ ᠨᠠᠩ ᠰᠠᠶᠢᠨ ᠦᠢᠯᠡᠴᠢᠯᠡᠭᠡ ᠬᠠᠩᠭᠠᠬᠤ ᠪᠣᠯᠤᠨ᠎ᠠ᠃   
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号