ᠮᠠᠨ ᠤ ᠬᠤᠰᠢᠭᠤ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠭᠠᠷᠭᠠᠪᠠ
ᠨᠡᠶᠢᠲᠡᠯᠡᠭᠰᠡᠨ ᠴᠠᠭ᠄
2024/9/2
ᠮᠠᠨ ᠤ ᠬᠤᠰᠢᠭᠤ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠭᠠᠷᠭᠠᠪᠠ  ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠳᠣᠲᠣᠷᠠᠬᠢ ᠡᠯ᠎ᠡ ᠨᠢᠭᠡᠴᠡ ᠳᠤ ᠭᠦᠨᠵᠡᠭᠡᠶᠢᠷᠡᠨ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠵᠤ᠂ ᠪᠥᠬᠦ ᠬᠤᠰᠢᠭᠤᠨ ᠤ ᠬᠡᠪᠴᠢᠶᠡᠨ ᠳᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠭᠠᠷᠭᠠᠪᠠ᠃  8 ᠰᠠᠷ᠎ᠠ ᠶᠢᠨ 28 ᠤ ᠡᠳᠦᠷ ᠠᠴᠠ 30 ᠤ ᠡᠳᠦᠷ ᠪᠣᠯᠲᠠᠯ᠎ᠠ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ᠂ ᠵᠢᠨᠱᠠᠨ ᠪᠠᠯᠭᠠᠰᠤ᠂ ᠨᠠᠷᠢᠨ ᠪᠠᠯᠭᠠᠰᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢ ᠵᠠᠯᠭᠠᠭ᠎ᠠ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠢ ᠤᠷᠢᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠠᠶᠢᠯᠪᠤᠷᠢᠯᠠᠭᠤᠯᠪᠠ᠃ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠺᠠᠳ᠋ᠷ᠂ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃  ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠢᠴᠢ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠣᠯᠤᠨ ᠬᠤᠰᠢᠭᠤᠨ ᠤ ᠨᠠᠮ ᠤᠨ ᠬᠤᠷᠢᠶ᠎ᠠ ᠪᠥᠬᠦ ᠬᠦᠴᠦᠨ ᠢᠶᠠᠷ ᠢᠶᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠳᠥᠷᠪᠡᠨ ᠲᠠᠯ᠎ᠠ ᠪᠠᠷ ᠰᠢᠰᠲ᠋ᠧᠮ ᠲᠠᠢ ᠭᠦᠨᠵᠡᠭᠡᠶ ᠲᠣᠳᠣᠷᠬᠠᠶᠢᠯᠠᠨ ᠥᠭᠦᠯᠡᠪᠡ᠃ ᠥᠷᠭᠡᠨ ᠣᠯᠠᠨ ᠺᠠᠳ᠋ᠷ ᠣᠯᠠᠨ ᠲᠦᠮᠡᠨ᠂ ᠤᠬᠠᠭᠤᠯᠤᠨ ᠲᠠᠶᠢᠯᠪᠤᠷᠢᠯᠠᠬᠤ ᠪᠠᠷ ᠳᠡᠮᠵᠢᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠣᠶᠢᠯᠠᠭᠠᠵᠤ᠂ ᠪᠥᠬᠦᠳᠡ ᠬᠤᠷᠠᠯ ᠠᠴᠠ ᠲᠣᠳᠣᠷᠬᠠᠶᠢᠯᠠᠭᠰᠠᠨ ᠡᠯ᠎ᠡ ᠵᠦᠢᠯ ᠤᠨ ᠬᠠᠷᠠᠯᠲᠠ ᠪᠣᠯᠤᠨ ᠠᠵᠢᠯ ᠤᠨ ᠡᠭᠦᠷᠭᠡ ᠶᠢ ᠡᠷᠡᠰ ᠬᠦᠷᠢᠶᠡᠯᠡᠵᠦ᠂ ᠬᠤᠶᠢᠰᠢᠳᠠ ᠶᠢᠨ ᠠᠵᠢᠯ ᠤᠨ ᠳᠤᠮᠳᠠ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠷᠡᠰ ᠭᠤᠶᠢᠪᠢᠰᠢ ᠥᠬᠡᠶ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠠᠬᠢᠴᠠ ᠲᠠᠢ ᠪᠣᠯᠬᠤ ᠶᠢ ᠴᠢᠷᠮᠠᠶᠢᠨ ᠠᠬᠢᠭᠤᠯᠤᠨ᠎ᠠ ᠭᠡᠵᠦ ᠢᠯᠡᠳᠬᠡᠵᠡᠭᠡᠪᠡ᠃  ᠣᠶᠢᠯᠠᠭᠠᠭᠰᠠᠨ ᠢᠶᠠᠷ᠂ 8 ᠰᠠᠷ᠎ᠠ ᠶᠢᠨ 22 ᠤᠨ ᠡᠳᠦᠷ ᠠᠴᠠ ᠡᠬᠢᠯᠡᠨ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠨᠢᠭᠡᠨᠲᠡ 20 ᠭᠠᠷᠤᠶ ᠲᠠᠯᠠᠪᠤᠷ ᠤᠳᠠᠭ᠎ᠠ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠵᠤ᠂ ᠪᠥᠬᠦ ᠬᠤᠰᠢᠭᠤᠨ ᠤ 40 ᠭᠠᠷᠤᠶ ᠰᠠᠯᠠᠭ᠎ᠠ ᠮᠥᠴᠢᠷ ᠨᠢᠭᠡᠴᠡ ᠶᠢ ᠬᠠᠮᠤᠷᠴᠤ᠂ ᠲᠣᠰ ᠡᠭᠡᠯᠵᠢ ᠶᠢᠨ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠵᠢᠱᠢᠯᠲᠡ ᠪᠠᠷ 9 ᠰᠠᠷ᠎ᠠ ᠶᠢᠨ ᠳᠤᠮᠳᠠᠴᠢ ᠠᠴᠠ ᠡᠮᠦᠨ᠎ᠡ ᠪᠦᠬᠦᠨ ᠢ ᠳᠠᠭᠤᠰᠬᠠᠨ᠎ᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号