ᠵᠤᠤ ᠶᠠᠨ ᠬᠤᠩ ᠪᠦᠯᠬᠦᠮ ᠳᠠᠭᠠᠭᠤᠯᠤᠨ ᠪᠥᠸᠧ ᠵᠧᠦ᠂ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/2
ᠵᠤᠤ ᠶᠠᠨ ᠬᠤᠩ ᠪᠦᠯᠬᠦᠮ ᠳᠠᠭᠠᠭᠤᠯᠤᠨ ᠪᠥᠸᠧ ᠵᠧᠦ᠂ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠪᠡ8 ᠰᠠᠷ᠎ᠠ ᠶᠢᠨ 27 ᠤ ᠡᠳᠦᠷ ᠠᠴᠠ 30 ᠤ ᠡᠳᠦᠷ ᠪᠣᠯᠲᠠᠯ᠎ᠠ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ ᠪᠦᠯᠬᠦᠮ ᠳᠠᠭᠠᠭᠤᠯᠤᠨ ᠪᠥᠸᠧ ᠵᠧᠦ᠂ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠤᠷᠢᠳ ᠬᠤᠵᠢᠳ ᠠᠨᠾᠦ᠋ᠢ ᠶᠢᠨ ᠸᠠᠨ ᠬᠤᠸᠠ ᠡᠪᠡᠰᠦᠨ ᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠦᠸᠧ ᠵᠧᠦ ᠬᠤᠲᠠ ᠶᠢᠨ ᠵᠥᠩ ᠯᠢᠶᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠪᠡᠭᠡᠵᠢᠩ ᠤᠨ ᠢᠦᠶ ᠴᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠬᠤᠩ ᠹᠦ᠋ ᠪᠦᠯᠦᠭᠯᠡᠯ ᠵᠡᠷᠭᠡ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ ᠵᠣᠯᠭᠠᠭᠤᠯᠪᠠ᠃ ᠬᠤᠰᠢᠭᠤᠨ ᠲᠠᠰ ᠤᠨ ᠤᠳᠤᠷᠢᠳᠤᠯᠭ᠎ᠠ ᠮᠠ ᠵᠢᠩ ᠬᠤᠸᠠ᠂ ᠸᠠᠩ ᠴᠢᠦ ᠶᠧ ᠪᠠᠷ᠎ᠠ ᠪᠣᠯᠵᠣ ᠰᠢᠨᠵᠢᠯᠡᠨ ᠪᠠᠶᠢᠴᠠᠭᠠᠵᠤ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠬᠤ ᠳᠤ ᠣᠷᠣᠯᠴᠠᠵᠠᠶ᠃ᠸᠠᠨ ᠬᠤᠸᠠ ᠡᠪᠡᠰᠦᠨ ᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠵᠤᠤ ᠶᠠᠨ ᠬᠤᠩ ᠦᠯᠢᠭᠡᠷ ᠡᠳ᠋ ᠤᠨ ᠦᠵᠡᠭᠦᠯᠦᠯᠭᠡ ᠶᠢᠨ ᠲᠣᠭᠤᠷᠢᠭ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠪᠣᠷᠣᠯᠠᠭᠤᠯᠭ᠎ᠠ ᠶᠢᠨ ᠠᠷᠭ᠎ᠠ ᠵᠠᠮ᠂ ᠵᠠᠬ᠎ᠠ ᠳᠡᠯᠭᠡᠭᠦᠷ ᠤᠨ ᠪᠠᠶᠢᠳᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠣᠣ ᠶᠠᠨ ᠬᠤᠩ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠲᠠᠷᠢᠮᠠᠯ ᠥᠨᠢ ᠤᠳᠠᠭᠠᠨ ᠲᠡᠦᠬᠡ ᠲᠠᠢ᠂ ᠰᠠᠭᠤᠷᠢ ᠳᠠᠪᠠᠭᠤᠯᠢᠭ᠂ ᠳᠠᠯᠳᠠ ᠬᠦᠴᠦᠨ ᠯᠤᠲᠤ ᠶᠡᠭᠡ᠂ ᠪᠠᠯᠠ ᠣᠷᠣᠭᠤᠯᠤᠯᠲᠠ ᠶᠢᠨ ᠨᠥᠬᠦᠴᠡᠯ ᠪᠠ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠳᠤ ᠠᠰᠢᠭᠲᠠᠶ ᠶᠤᠮ᠂ ᠸᠠᠨ ᠬᠤᠸᠠ ᠡᠪᠡᠰᠦᠨ ᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠢᠲᠠᠳ ᠡᠮ ᠤᠨ ᠮᠠᠲ᠋ᠧᠷᠢᠶᠠᠯ ᠢ ᠡᠳ᠋ᠰᠢᠭᠦᠯᠬᠦ᠂ ᠳᠡᠭᠡᠳᠦ ᠲᠠᠰ ᠤᠨ ᠣᠷᠣᠯᠠᠨ ᠬᠡᠷᠡᠭᠯᠡᠬᠦ ᠴᠠᠢ᠂ ᠬᠠᠲᠠᠭᠤ ᠪᠡᠶᠡᠲᠦ ᠤᠮᠳᠠᠭᠠᠨ᠂ ᠤᠷᠭᠤᠮᠠᠯ ᠤᠨ ᠤᠮᠳᠠᠭᠠᠨ᠂ ᠪᠤᠰᠤᠳ ᠲᠥᠬᠦᠮ ᠢᠳᠡᠭᠡᠨ ᠵᠡᠷᠭᠡ ᠬᠦᠷᠢᠶᠡᠨ ᠳᠤ ᠪᠣᠯᠪᠠᠰᠤᠷᠠᠩᠭᠤᠶ ᠪᠣᠯᠤᠭᠰᠠᠨ ᠲᠤᠷᠰᠢᠯᠭ᠎ᠠ ᠲᠠᠢ ᠶᠤᠮ᠂ ᠲᠣᠰ ᠤᠳᠠᠭᠠᠨ ᠤ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠪᠠᠷ ᠢᠶᠠᠨ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠭᠦᠨᠵᠡᠭᠡᠶ ᠡᠳ᠋ᠰᠢᠭᠦᠯᠬᠦ᠂ ᠨᠠᠩ ᠣᠯᠠᠨ ᠬᠠᠮᠲᠤᠷᠠᠯᠴᠠᠭᠠᠨ ᠤ ᠨᠡᠶᠢᠯᠡᠯᠲᠡ ᠶᠢᠨ ᠴᠡᠭ ᠢ ᠡᠷᠢᠯᠬᠢᠯᠡᠵᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠶᠢ ᠬᠦᠰᠡᠵᠦ ᠪᠠᠶᠢᠨ᠎ᠠ ᠭᠡᠵᠡᠶ᠃ ᠸᠠᠨ ᠬᠤᠸᠠ ᠡᠪᠡᠰᠦᠨ ᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠯᠢ ᠶᠢᠨ ᠹᠦ᠋ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠡᠯᠪᠡᠭ ᠳᠡᠯᠪᠡᠭ᠂ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠶᠢ ᠶᠡᠬᠡᠪᠡᠷ ᠳᠥᠯᠭᠢᠨ ᠠᠬᠢᠭᠤᠯᠬᠤ ᠠᠷᠭ᠎ᠠ ᠬᠡᠮᠵᠢᠶ᠎ᠡ ᠨᠢ ᠮᠠᠨ ᠤ ᠺᠣᠮᠫᠠᠨᠢ ᠶᠢᠨ ᠬᠥᠭᠵᠢᠯᠲᠡ ᠶᠢᠨ ᠣᠶᠢᠯᠠᠭᠠᠭᠳᠠᠬᠤᠨ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠬᠠᠷᠠᠴᠢᠨ ᠬᠤᠰᠢᠭᠤ ᠲᠠᠢ ᠭᠦᠨ ᠲᠠᠰ ᠳᠠᠪᠬᠤᠷᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠡᠶ᠃ ᠬᠤᠶᠠᠷ ᠲᠠᠯ᠎ᠠ ᠪᠠᠷ ᠢᠶᠠᠨ ᠬᠢᠲᠠᠳ ᠮᠣᠩᠭᠤᠯ ᠡᠮ ᠤᠨ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠵᠡᠷᠭᠡ ᠲᠠᠯ᠎ᠠ ᠪᠠᠷ ᠭᠦᠨᠵᠡᠭᠡᠶ ᠵᠣᠯᠭᠠᠭᠤᠯᠤᠭᠰᠠᠨ ᠪᠥᠭᠡᠳ ᠠᠩᠬ᠎ᠠ ᠠᠯᠬᠤᠮ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃ᠪᠦᠸᠧ ᠵᠧᠦ ᠬᠤᠳᠠ ᠶᠢᠨ ᠵᠦᠩ ᠯᠢᠶᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ᠂ ᠵᠤᠤ ᠶᠠᠨ ᠬᠤᠩ ᠬᠢᠲᠠᠳ ᠡᠮ ᠤᠨ ᠮᠠᠲ᠋ᠧᠷᠢᠶᠠᠯ ᠢ ᠬᠥᠮᠥᠷᠭᠡᠯᠡᠨ ᠬᠠᠳᠠᠭᠠᠯᠠᠬᠤ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ᠂ ᠡᠵᠡᠩᠨᠡᠯᠲᠡ ᠶᠢᠨ ᠵᠠᠭᠪᠤᠷ᠂ ᠬᠠᠳᠠᠭᠠᠯᠠᠬᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠣᠣ ᠶᠠᠨ ᠬᠤᠩ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ ᠵᠢᠩᠬᠢᠨᠢ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠤᠨ ᠳᠠᠪᠠᠭᠤᠯᠢᠭ ᠲᠣᠪᠤᠶᠢᠮ᠎ᠠ ᠪᠠᠶᠢᠵᠤ᠂ ᠬᠤᠶᠠᠷ ᠲᠠᠯ᠎ᠠ ᠪᠠᠷ ᠢᠶᠠᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠪᠥᠬᠦ ᠬᠡᠯᠬᠢᠶ᠎ᠡ ᠶᠢᠨ ᠬᠥᠭᠵᠢᠯᠲᠡ ᠪᠠ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠡᠶ᠃ ᠬᠤᠶᠠᠷ ᠲᠠᠯ᠎ᠠ ᠪᠠᠷ ᠢᠶᠠᠨ ᠬᠢᠲᠠᠳ ᠡᠮ ᠤᠨ ᠮᠠᠲ᠋ᠧᠷᠢᠶᠠᠯ ᠢ ᠡᠳᠰᠢᠭᠦᠯᠬᠦ ᠪᠠ ᠬᠠᠳᠠᠭᠠᠯᠠᠬᠤ ᠦᠢᠯᠡᠳᠪᠦᠷᠢ ᠶᠢᠨ ᠪᠠᠶᠢᠰᠢᠩ ᠪᠠᠶᠢᠭᠤᠯᠬᠤ ᠵᠡᠷᠭᠡ ᠲᠠᠯ᠎ᠠ ᠪᠠᠷ ᠠᠩᠬ᠎ᠠ ᠠᠯᠬᠤᠮ ᠬᠠᠮᠲᠤᠷᠠᠨ ᠠᠵᠢᠯᠯᠠᠬᠤ ᠰᠠᠨᠠᠮᠵᠢ ᠲᠣᠭᠲᠠᠪᠠ᠃ ᠪᠦᠸᠧ ᠵᠧᠦ ᠬᠤᠲᠠ ᠶᠢᠨ ᠵᠦᠩ ᠯᠢᠶᠠᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠬᠤ ᠪᠠᠢᠴᠠᠭᠠᠬᠤ ᠪᠦᠯᠬᠦᠮ ᠢ ᠳᠠᠭᠠᠭᠤᠯᠤᠨ ᠬᠠᠷᠠᠴᠢᠨ ᠬᠤᠱᠢᠭᠤᠨ ᠳᠤ ᠬᠦᠷᠴᠦ ᠲᠥᠷᠥᠯ ᠵᠦᠢᠯ ᠤᠨ ᠭᠠᠵᠠᠷ ᠰᠣᠩᠭᠤᠬᠤ᠂ ᠪᠦᠲᠦᠭᠡᠨ ᠪᠠᠢᠭᠤᠯᠤᠯᠲᠠ ᠶᠢᠨ ᠠᠭᠤᠯᠭ᠎ᠠ ᠵᠡᠷᠭᠡ ᠶᠠᠪᠤᠳᠠᠯ ᠢ ᠲᠤᠬᠠᠢ ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠬᠢᠬᠦ ᠪᠠᠷ ᠪᠠᠢᠨ᠎ᠠ᠃ᠪᠡᠭᠡᠵᠢᠩ ᠤᠨ ᠢᠦᠢ ᠴᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠵᠤᠤ ᠶᠠᠨ ᠬᠤᠩ ᠨᠠᠷ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠪᠣᠯᠤᠨ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠲᠠᠢ ᠨᠢᠭᠤᠷᠳᠠᠨ ᠶᠠᠷᠢᠯᠴᠠᠪᠠ᠃ ᠵᠤᠤ ᠶᠠᠨ ᠬᠤᠩ ᠬᠠᠷᠠᠴᠢᠨ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠪᠣᠯᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠠᠨᠢᠯᠴᠠᠭᠤᠯᠪᠠ᠃ ᠲᠡᠷᠡ ᠢᠯᠡᠳᠬᠡᠭᠰᠡᠨ ᠨᠢ ᠂ ᠬᠠᠷᠠᠴᠢᠨ ᠬᠤᠰᠢᠭᠤᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠵᠠᠮ ᠬᠠᠷᠢᠯᠴᠠᠭ᠎ᠠ ᠳᠥᠭᠦᠮ᠂ ᠰᠠᠭᠤᠷᠢ ᠲᠥᠬᠦᠭᠡᠷᠦᠮᠵᠢ ᠪᠦᠷᠢᠨ ᠪᠠᠶᠢᠵᠤ᠂ ᠭᠠᠵᠠᠷ ᠬᠡᠷᠡᠭᠯᠡᠬᠦ ᠪᠠ ᠦᠢᠯᠡᠳᠪᠦᠷᠢ ᠶᠢᠨ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠦᠵᠡᠭᠦᠯᠵᠦ᠂ ᠬᠤᠶᠠᠷ ᠲᠠᠯ᠎ᠠ ᠪᠠᠷ ᠢᠶᠠᠨ ᠥᠨᠳᠥᠷ ᠳᠤᠯᠠᠭᠠᠨ ᠪᠦᠯᠢᠶᠡᠨ ᠠᠰᠢᠯᠲᠤ ᠠᠮᠢᠨ ᠳ᠋ᠢᠶᠠᠨ ᡂᠢ ᠶᠢᠨ ᠥᠨᠳᠥᠷ ᠪᠦᠷᠬᠦᠪᠴᠢ ᠲᠠᠢ ᠲᠦᠷᠦᠯ ᠵᠦᠢᠯ ᠳᠡᠭᠡᠷ᠎ᠡ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠪᠡᠭᠡᠵᠢᠩ ᠤᠨ ᠢᠦᠶ ᠴᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠢ ᠱᠧᠩ ᠯᠢ ᠢᠯᠡᠷᠬᠡᠶᠢᠯᠡᠬᠦ ᠳᠡᠭᠡᠨ᠂ ᠥᠨᠳᠥᠷ ᠳᠤᠯᠠᠭᠠᠨ ᠳᠠᠭᠠᠭᠠᠮᠠᠭᠠᠢ ᠪᠥᠭᠡᠭᠡᠨᠡᠷᠡᠯ ᠠᠽᠢᠯ ᠠᠮᠢᠨ ᠤ ᠳ᠋ᠢᠶᠠᠨ ᡂᠢ ᠶᠢᠨ ᠲᠥᠷᠥᠯ ᠵᠦᠢᠯ ᠨᠢ ᠭᠤᠣᠯ ᠮᠡᠷᠭᠡᠵᠢᠯ ᠢ ᠡᠵᠡᠮᠰᠢᠭᠰᠡᠨ ᠢᠶᠠᠷ ᠪᠠᠷᠠᠬᠤ ᠦᠭᠡᠢ ᠪᠠᠰᠠ ᠥᠷᠭᠡᠨ ᠠᠭᠤᠳᠠᠮ ᠵᠠᠬ᠎ᠠ ᠳᠡᠯᠭᠡᠭᠦᠷ ᠲᠠᠢ ᠶᠤᠮ᠃ ᠬᠠᠷᠠᠴᠢᠨ ᠬᠤᠰᠢᠭᠤᠨ ᠤ ᠡᠬᠢ ᠪᠠᠶᠠᠯᠢᠭ ᠡᠯᠪᠡᠭ ᠳᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ᠂ ᠪᠡᠭᠡᠵᠢᠩ ᠤᠨ ᠢᠦᠶ ᠴᠧᠩ ᠺᠣᠮᠫᠠᠨᠢ ᠲᠣᠰ ᠤᠳᠠᠭᠠᠨ ᠤ ᠰᠢᠨᠵᠢᠯᠡᠨ ᠪᠠᠶᠢᠴᠠᠭᠠᠵᠤ ᠰᠣᠯᠢᠯᠴᠠᠬᠤ ᠪᠠᠷ ᠠᠵᠠ ᠲᠣᠬᠢᠶᠠᠯ ᠪᠣᠯᠭᠠᠨ᠂ ᠤᠯᠠᠮ ᠨᠢᠭᠡ ᠠᠯᠬᠤᠮ ᠭᠦᠨᠵᠡᠭᠡᠶ ᠵᠣᠯᠭᠠᠭᠤᠯᠵᠤ᠂ ᠨᠠᠩ ᠣᠯᠠᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠤᠨ᠎ᠠ᠃ ᠬᠤᠶᠠᠷ ᠲᠠᠯ᠎ᠠ ᠪᠠᠷ ᠢᠶᠠᠨ ᠥᠨᠳᠥᠷ ᠳᠤᠯᠠᠭᠠᠨ ᠪᠥᠭᠡᠭᠡᠨᠡᠷᠡᠯ ᠠᠰᠢᠯ ᠠᠮᠢᠨ ᠤ ᠴᠠᠬᠢᠯᠭᠠᠨ ᠴᠡᠨᠡᠭ ᠤᠨ ᠲᠥᠰᠥᠯ ᠢ ᠪᠦᠲᠦᠭᠡᠨ ᠪᠠᠶᠢᠭᠤᠯᠬᠤ ᠲᠠᠯ᠎ᠠ ᠪᠠᠷ ᠠᠩᠬ᠎ᠠ ᠠᠯᠬᠤᠮ ᠬᠠᠮᠲᠤᠷᠠᠨ ᠠᠵᠢᠯᠯᠠᠬᠤ ᠰᠠᠨᠠᠮᠵᠢ ᠲᠣᠭᠲᠠᠪᠠ᠃ᠪᠡᠭᠡᠵᠢᠩ ᠤᠨ ᠬᠤᠩ ᠹᠦ᠋ ᠪᠦᠯᠦᠭᠯᠡᠯ ᠳᠤ᠂ ᠵᠤᠤ ᠶᠠᠨ ᠬᠤᠩ ᠨᠠᠷ ᠤᠶᠤᠨᠲᠤ ᠲᠠᠷᠢᠶᠠᠯᠠᠩ᠂ ᠰᠣᠶᠣᠯ ᠵᠤᠭᠠᠴᠠᠯ ᠡᠷᠡᠭᠦᠯᠵᠢᠯ ᠰᠤᠪᠢᠯᠠᠯᠲᠠ᠂ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠯᠡᠮᠵᠢ ᠵᠡᠷᠭᠡ ᠠᠭᠤᠯᠭ᠎ᠠ ᠶᠢᠨ ᠲᠣᠭᠤᠷᠢᠨ ᠳᠤ ᠠᠵᠤ ᠠᠬᠤᠶᠢᠯᠠᠯ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠣᠣ ᠶᠠᠨ ᠬᠤᠩ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤᠨ ᠤ ᠬᠤᠩ ᠹᠦ᠋ ᠲᠠᠷᠢᠶᠠᠯᠠᠩ ᠤᠨ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ ᠤᠷᠤᠭᠰᠢᠲᠠᠶ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠨᠢᠭᠡᠳᠦᠭᠡᠷ ᠪᠦᠯᠦᠭ ︽ᠬᠤᠩ ᠹᠦ᠋ ᠯᠣ᠋︾ ᠨᠢᠭᠡᠨᠲᠡ ᠵᠠᠬ᠎ᠠ ᠳᠡᠯᠭᠡᠭᠦᠷ ᠲᠤ ᠭᠠᠷᠴᠤ᠂ ᠬᠤᠩ ᠹᠦ᠋ ᠪᠦᠯᠦᠭᠯᠡᠯ ᠤᠨ ᠬᠢᠨ ᠤᠯᠠᠭᠠᠨᠬᠠᠳᠠ ᠶᠢᠨ ᠬᠤᠩ ᠹᠦ᠋ ᠲᠠᠷᠢᠶᠠᠯᠠᠩ ᠤᠨ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠷᠠᠴᠢᠨ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃ ᠪᠡᠭᠡᠵᠢᠩ ᠤᠨ ᠬᠤᠩ ᠹᠦ᠋ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠬᠤᠸᠠᠩ ᠹᠦ᠋ ᠱᠦᠢ᠂ ᠬᠤᠩ ᠹᠦ᠋ ᠪᠦᠯᠦᠭᠯᠡᠯ ᠦᠷᠭᠦᠯᠵᠢᠯᠡᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠤᠶᠠᠳᠤᠭᠠᠷ ᠬᠤᠭᠤᠴᠠᠭ᠎ᠠ᠂ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠷᠠᠴᠢᠨ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠢ ᠲᠦᠷᠦᠯ ᠳᠡᠮᠳᠡᠭᠵᠢᠭᠦᠯᠬᠦ᠂ ᠳᠡᠭᠡᠳᠦ ᠲᠡᠰᠵᠢᠭᠦᠯᠬᠦ ᠲᠡᠰᠢ ᠬᠥᠭᠵᠢᠭᠦᠯᠬᠦ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号