ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/9/20
ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ  9 ᠰᠠᠷ᠎ᠠ ᠶᠢᠨ 20 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠷᠦᠩ ᠰᠢ ᠹᠧᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠨᠠᠷᠢᠨ ᠪᠠᠯᠭᠠᠰᠤᠨ ᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ ᠵᠢᠴᠢ ᠪᠥᠲᠥᠭᠡᠨ ᠪᠠᠶᠢᠭᠤᠯᠤᠯᠲᠠ ᠶᠢᠨ ᠨᠢᠭᠡᠴᠡ᠂ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠪᠠ᠃  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠠᠷᠢᠨ ᠪᠠᠯᠭᠠᠰᠤᠨ ᠤ ᠶᠢᠨ ᠳ᠋ᠢ ᠲᠣᠰᠬᠤᠨ᠂ ᠵᠢᠮᠢᠰ ᠤᠨ ᠮᠤᠳᠤᠨ ᠤ ᠲᠠᠷᠢᠶᠠᠯᠠᠩ ᠤᠨ ᠲᠠᠯᠠᠪᠠᠢ᠂ ᠹᠦ᠋ ᠱᠧᠩ ᠲᠣᠰᠬᠤᠨ ᠳᠤ ᠭᠦᠨᠵᠡᠭᠡᠶᠢᠷᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠬᠠᠮᠢᠶ᠎ᠠ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠦᠷᠦᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ᠂ ᠪᠦᠳᠦᠭᠡᠨ ᠪᠠᠶᠢᠭᠤᠯᠤᠯᠲᠠ ᠶᠢᠨ ᠠᠬᠢᠴᠠ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠠᠷᠠᠴᠢᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃  ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠨᠠᠷᠢᠨ ᠪᠠᠯᠭᠠᠰᠤᠨ ᠤ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠰ ᠲᠣᠰ ᠰᠣᠨᠣᠰᠴᠤ᠂ ᠬᠤᠷᠠᠯ ᠳᠤ ᠣᠷᠣᠯᠴᠠᠭᠰᠠᠳ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠠᠶ᠃  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠵᠢᠭᠠᠵᠤ ᠭᠠᠷᠭᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠣᠯ ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠲᠠᠨᠢᠯᠲᠠ ᠪᠠᠨ ᠳᠡᠭᠡᠭᠰᠢᠯᠡᠭᠦᠯᠵᠦ ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠶ᠃ ᠠᠬᠢᠴᠠ ᠶᠢ ᠲᠦᠷᠭᠡᠳᠬᠡᠵᠦ᠂ ᠤᠷᠢᠳᠴᠢᠯᠠᠨ ᠲᠥᠯᠥᠪᠵᠢᠭᠦᠯᠵᠦ᠂ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠤᠯᠠᠨ ᠲᠦᠮᠡᠨ ᠣᠷᠣᠯᠴᠠᠬᠤ ᠵᠠᠷᠴᠢᠮ ᠢ ᠪᠠᠷᠢᠮᠲᠠᠯᠠᠵᠤ᠂ ᠲᠥᠯᠥᠪᠵᠢᠭᠦᠯᠭᠡ ᠵᠢᠷᠤᠭ ᠲᠥᠯᠥᠪᠯᠡᠭᠡ᠂ ᠪᠡᠯᠡ ᠮᠥᠩᠭᠦ ᠶᠢ ᠰᠢᠯᠵᠢᠭᠦᠯᠦᠨ ᠥᠭᠴᠦ ᠬᠡᠷᠡᠭᠯᠡᠬᠦ᠂ ᠪᠠᠷᠢᠯᠭ᠎ᠠ ᠪᠠᠷᠢᠬᠤ ᠶᠢ ᠰᠢᠯᠭᠠᠨ ᠠᠪᠬᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠲᠠᠯ᠎ᠠ ᠶᠢᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠲᠦᠷᠦᠯ ᠵᠦᠢᠯ ᠢ ᠪᠠᠶᠢᠭᠤᠯᠵᠤ᠂ ᠪᠠᠶᠢᠭᠤᠯᠵᠤ ᠳᠠᠭᠤᠰᠤᠭᠰᠠᠨ ᠲᠦᠷᠦᠯ ᠵᠦᠢᠯ ᠤᠨ ᠰᠢᠯᠭᠠᠨ ᠪᠠᠶᠢᠴᠠᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠠᠢ ᠃   
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号