ᠪᠥᠬᠦ ᠬᠤᠰᠢᠭᠤᠨ ᠤ ᠵᠢᠩᠬᠢᠨᠢ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/9/21
ᠪᠥᠬᠦ ᠬᠤᠰᠢᠭᠤᠨ ᠤ ᠵᠢᠩᠬᠢᠨᠢ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠲᠡᠭᠦᠰ ᠠᠮᠵᠢᠯᠲᠠ ᠲᠠᠢ ᠲᠡᠭᠦᠰᠪᠡ  9 ᠰᠠᠷ᠎ᠠ ᠶᠢᠨ 20 ᠤ ᠡᠳᠦᠷ᠂ ᠪᠥᠬᠦ ᠬᠤᠰᠢᠭᠤᠨ ᠤ ᠵᠢᠩᠬᠢᠨᠢ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠲᠡᠭᠦᠰ ᠠᠮᠵᠢᠯᠲᠠ ᠲᠠᠢ ᠲᠡᠭᠦᠰᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠶᠦᠩ ᠴᠢᠶᠣᠤ ᠰᠤᠷᠤᠯᠭ᠎ᠠ ᠲᠡᠭᠦᠰᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃  ᠵᠠᠩ ᠶᠦᠩ ᠴᠢᠶᠣᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠨᠡ ᠤᠳᠠᠭᠠᠨ ᠤ ᠪᠣᠯᠪᠠᠰᠤᠷᠠᠯ ᠤᠨ ᠠᠩᠭᠢ ᠪᠠᠷ ᠠᠵᠠ ᠲᠣᠬᠢᠶᠠᠯ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠣᠷᠣᠨ ᠨᠤᠲᠤᠭ ᠤᠨ ᠬᠥᠭᠵᠢᠯᠲᠡ ᠶᠢᠨ ᠪᠣᠳᠠᠲᠤ ᠪᠠᠶᠢᠳᠠᠯ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠲᠠᠢ ᠨᠢᠭᠲᠠ ᠤᠶᠠᠯᠳᠤᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ︽ᠵᠢᠷᠭᠤᠭᠠᠨ ᠦᠭᠡ ᠶᠢᠨ ᠪᠣᠳᠠᠲᠤ ᠬᠡᠷᠡᠭ ᠪᠣᠯᠤᠨ ᠶᠣᠰᠣ ᠤᠴᠢᠷ︾ ᠢ ᠪᠦᠲᠦᠮᠵᠢᠲᠡᠶ ᠵᠣᠯᠭᠠᠭᠤᠯᠵᠤ᠂ ᠪᠥᠬᠦ ᠬᠤᠰᠢᠭᠤᠨ ᠤ ᠬᠡᠪᠴᠢᠶᠡᠨ ᠳᠤ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠵᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠬᠡᠷᠡᠭᠲᠡᠶ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠭᠤᠤᠯ ᠰᠢᠵᠢᠮ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠢᠶᠠᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠤᠬᠠᠮᠰᠠᠷ ᠠᠴᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠠᠴᠠ ᠣᠨᠣᠯᠵᠢᠬᠤᠨ ᠢ ᠡᠷᠢᠵᠦ᠂ ᠰᠡᠳᠬᠢᠮᠵᠢ ᠠᠷᠭ᠎ᠠ ᠬᠡᠮᠵᠢᠶ᠎ᠡ ᠡᠷᠢᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠤᠶᠢᠯᠡᠰ ᠤᠨ ᠰᠢᠨ᠎ᠡ ᠲᠠᠪᠰᠢᠯᠳᠠ ᠶᠢ ᠴᠢᠷᠮᠠᠶᠢᠨ ᠠᠬᠢᠭᠤᠯᠬᠤ ᠬᠡᠷᠡᠭᠲᠡᠶ ᠭᠡᠵᠠᠢ ᠃     
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号