ᠬᠠᠷᠠᠴᠢᠨ ᠬᠤᠰᠢᠭᠤᠨ ᠤ ᠡᠮᠡᠭᠲᠠᠢᠴᠤᠤᠳ ᠤᠨ ᠡᠯᠧᠺᠲᠷᠣᠨ ᠬᠤᠳᠠᠯᠳᠤᠭᠠᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/9/23
ᠬᠠᠷᠠᠴᠢᠨ ᠬᠤᠰᠢᠭᠤᠨ ᠤ ᠡᠮᠡᠭᠲᠠᠢᠴᠤᠤᠳ ᠤᠨ ᠡᠯᠧᠺᠲᠷᠣᠨ ᠬᠤᠳᠠᠯᠳᠤᠭᠠᠨ ᠤ ᠮᠡᠷᠭᠡᠵᠢᠯ ᠤᠨ ᠪᠣᠯᠪᠠᠰᠤᠷᠠᠯ ᠤᠨ ᠠᠩᠭᠢ ᠲᠡᠭᠦᠰ ᠠᠮᠵᠢᠯᠲᠠ ᠲᠠᠢ ᠲᠡᠭᠦᠰᠪᠡ  ᠨᠠᠩ ᠣᠯᠠᠨ ᠡᠮᠡᠭᠲᠡᠶᠢᠴᠦᠳ ᠤᠨ ᠪᠠᠶᠠᠵᠢᠯ ᠤᠨ ᠳᠠᠭᠠᠭᠤᠯᠤᠭᠴᠢ᠂ ᠠᠵᠤ ᠠᠬᠤᠶᠢᠯᠠᠯᠲᠠᠨ᠂ ᠠᠳᠠᠯ ᠦᠢᠯᠡᠰ ᠴᠣᠭᠴᠠᠯᠠᠭᠴᠢ ᠶᠢ ᠬᠠᠪᠰᠤᠷᠤᠨ ︽ᠲᠣᠭᠠᠴᠢᠯᠠᠭᠰᠠᠨ ᠠᠵᠤ ᠠᠬᠤᠶ︾ ᠶᠢᠨ ᠬᠥᠭᠵᠢᠯᠲᠡ ᠶᠢᠨ ᠰᠢᠨ᠎ᠡ ᠪᠠᠶᠢᠳᠠᠯ ᠳᠤ ᠵᠣᠬᠢᠴᠠᠭᠤᠯᠬᠤ ᠶᠢᠨ ᠲᠥᠯᠥᠭᠡ᠂ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠮᠡᠷᠭᠡᠵᠢᠯ ᠢ ᠠᠰᠢᠭᠯᠠᠨ ᠪᠠᠶᠠᠵᠢᠯ ᠤᠨ ᠵᠠᠮ ᠢ ᠥᠷᠭᠡᠳᠬᠡᠵᠦ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠤᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 9 ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠬᠠᠷᠠᠴᠢᠨ ᠬᠤᠰᠢᠭᠤᠨ ᠤ ᠡᠮᠡᠭᠲᠡᠶᠢᠴᠦᠳ ᠤᠨ ᠡᠯᠧᠺᠳ᠋ᠷᠣᠨ ᠬᠤᠳᠠᠯᠳᠤᠭᠠᠨ ᠤ ᠠᠵᠤ ᠦᠶ᠋ᠯᠡᠰ ᠤᠨ ᠰᠠᠭᠤᠷᠢᠨ ᠭᠠᠵᠠᠷ ᠲᠤ ᠡᠮᠡᠭᠲᠡᠶᠢᠴᠦᠳ ᠤᠨ ᠡᠯᠧᠺᠳ᠋ᠷᠣᠨ ᠬᠤᠳᠠᠯᠳᠤᠭᠠᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ ᠬᠤᠰᠢᠭᠤᠨ ᠤ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ᠂ ᠡᠮᠡᠭᠲᠡᠶᠢᠴᠦᠳ ᠤᠨ ᠪᠠᠶᠠᠵᠢᠯ ᠤᠨ ᠳᠠᠭᠠᠭᠤᠯᠤᠭᠴᠢ᠂ ᠠᠳᠠᠯ ᠦᠶ᠋ᠯᠡᠰ ᠴᠣᠭᠴᠠᠯᠠᠭᠴᠢ ᠵᠢᠴᠢ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ 30 ᠭᠠᠷᠤᠶ ᠺᠠᠳ᠋ᠷ ᠪᠣᠯᠪᠠᠰᠤᠷᠠᠯ ᠳᠤ ᠣᠷᠣᠯᠴᠠᠪᠠ᠃  ᠲᠣᠰ ᠤᠳᠠᠭᠠᠨ ᠤ ᠪᠣᠯᠪᠠᠰᠤᠷᠠᠭᠤᠯᠤᠯ ᠳᠤ ᠣᠨᠣᠯ ᠪᠠ ᠦᠢᠯᠡᠳᠦᠯᠭᠡ ᠶᠢᠨ ᠠᠵᠢᠯᠯᠠᠭᠠᠨ ᠢ ᠬᠠᠷᠢᠯᠴᠠᠨ ᠤᠶᠠᠯᠳᠤᠭᠤᠯᠤᠭᠰᠠᠨ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠠᠪᠴᠤ᠂ ᠲᠤᠰᠬᠠᠶ ᠮᠡᠷᠭᠡᠵᠢᠯ ᠤᠨ ᠪᠠᠭᠰᠢ ᠶᠢ ᠤᠷᠢᠵᠤ ᠰᠢᠨ᠎ᠡ ᠵᠠᠭᠤᠴᠢᠯᠠᠭᠤᠷ ᠤᠨ ᠡᠵᠡᠩᠨᠡᠯᠲᠡ᠂ ᠲᠠᠩᠰᠠᠨ ᠨᠣᠮᠧᠷ ᠤᠨ ᠡᠵᠡᠩᠨᠡᠯᠲᠡ᠂ ᠬᠠᠶᠢᠴᠢᠯᠠᠨ ᠡᠮᠬᠢᠳᠬᠡᠬᠦ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠡᠷᠭᠡ ᠣᠯᠠᠨ ᠲᠠᠯ᠎ᠠ ᠶᠢᠨ ᠡᠯᠧᠺᠳ᠋ᠷᠣᠨ ᠬᠤᠳᠠᠯᠳᠤᠭᠠᠨ ᠤ ᠮᠡᠳᠡᠯᠭᠡ ᠶᠢ ᠨᠠᠷᠢᠨ ᠲᠠᠶᠢᠯᠪᠤᠷᠢᠯᠠᠭᠤᠯᠪᠠ᠃ ᠪᠣᠯᠪᠠᠰᠤᠷᠠᠯ ᠤᠨ ᠲᠤᠬᠠᠢ ᠶᠢᠨ ᠲᠠᠯᠠᠪᠠᠢ ᠳᠤ᠂ ᠰᠤᠷᠤᠯᠴᠠᠯᠭ᠎ᠠ ᠶᠢᠨ ᠠᠭᠤᠷ ᠠᠮᠢᠰᠬᠤᠯ ᠭᠦᠨ ᠵᠤᠵᠠᠭᠠᠨ᠂ ᠬᠠᠷᠢᠯᠴᠠᠨ ᠬᠥᠳᠡᠯᠦᠯᠴᠡᠬᠦ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ ᠯᠧᠺᠲ᠋ᠣᠷ ᠰᠢᠨ᠎ᠡ ᠵᠠᠭᠤᠴᠢᠯᠠᠭᠤᠷ ᠤᠨ ᠡᠵᠡᠩᠨᠡᠯᠲᠡ ᠶᠢᠨ ᠰᠡᠳᠬᠢᠴᠡ᠂ ᠲᠠᠪᠴᠠᠩ ᠤᠨ ᠳᠤᠤᠷ᠎ᠠ ᠳᠠᠪᠬᠤᠷᠭ᠎ᠠ ᠶᠢᠨ ᠯᠣᠭᠢᠭ᠂ ᠰᠢᠭᠤᠳ ᠨᠡᠪᠲᠡᠷᠡᠭᠦᠯᠭᠡ ᠶᠢᠨ ᠲᠠᠰᠤᠭ ᠪᠠᠶᠢᠭᠤᠯᠬᠤ᠂ ᠣᠬᠤᠷ ᠸᠢᠳᠢᠣ᠋ ᠶᠢ ᠰᠡᠭᠦᠳᠡᠷᠯᠡᠬᠦ ᠪᠠ ᠨᠠᠶᠢᠷᠠᠭᠤᠯᠬᠤ ᠤᠷ᠎ᠠ ᠮᠡᠷᠭᠡᠵᠢᠯ ᠠᠴᠠ ᠭᠠᠷᠳᠠᠵᠤ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠲᠤ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠡᠳᠬᠢᠬᠦᠶ ᠶᠢ ᠲᠠᠶᠢᠯᠪᠤᠷᠢᠯᠠᠨ ᠥᠭᠴᠦ᠂ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠬᠤ ᠠᠷᠭ᠎ᠠ ᠶᠢ ᠬᠠᠩᠭᠠᠪᠠ᠃  ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠰᠤᠷᠤᠭᠴᠢᠳ ᠡᠯᠧᠺᠳ᠋ᠷᠣᠨ ᠬᠤᠳᠠᠯᠳᠤᠭᠠᠨ ᠤ ᠪᠣᠷᠣᠯᠠᠭᠤᠯᠬᠤ ᠵᠠᠭᠪᠤᠷ ᠢ ᠣᠶᠢᠯᠠᠭᠠᠵᠤ᠂ ᠡᠵᠡᠩᠨᠡᠨ ᠪᠣᠷᠣᠯᠠᠭᠤᠯᠬᠤ ᠬᠠᠷᠠᠭ᠎ᠠ ᠶᠢ ᠥᠷᠭᠡᠳᠬᠡᠨ᠂ ᠡᠯᠧᠺᠳ᠋ᠷᠣᠨ ᠬᠤᠳᠠᠯᠳᠤᠭᠠᠨ ᠤ ᠪᠣᠷᠣᠯᠠᠭᠤᠯᠬᠤ ᠴᠢᠳᠠᠪᠤᠷᠢ ᠶᠢ ᠳᠡᠭᠡᠭᠰᠢᠯᠡᠭᠦᠯᠪᠡ᠃ ︽ᠪᠢ ᠤᠤᠯ ᠨᠢ ᠡᠯᠧᠺᠳ᠋ᠷᠣᠨ ᠬᠤᠳᠠᠯᠳᠤᠭᠠᠨ ᠤ ᠲᠠᠪᠴᠠᠩ ᠢᠶᠠᠷ ᠳᠠᠮᠵᠢᠭᠤᠯᠤᠨ ᠥᠪᠡᠷ ᠤᠨ ᠪᠦᠲᠦᠭᠡᠭᠳᠡᠬᠦᠨ ᠢᠶᠠᠨ ᠪᠣᠷᠣᠯᠠᠭᠤᠯᠬᠤ ᠰᠠᠨᠠᠭ᠎ᠠ ᠲᠠᠢ ᠪᠠᠶᠢᠭᠰᠠᠨ ᠪᠣᠯᠪᠠᠴᠤ ᠶᠡᠷᠦ ᠰᠠᠶᠢᠨ ᠲᠣᠬᠢᠶᠠᠯ ᠪᠠ ᠰᠢᠰᠲ᠋ᠧᠮ ᠲᠠᠢ ᠰᠤᠷᠤᠯᠴᠠᠯᠭ᠎ᠠ ᠪᠠᠶᠢᠭᠰᠠᠨ ᠦᠭᠡᠢ᠂ ᠮᠠᠰᠢ ᠠᠵᠠ ᠵᠠᠪᠰᠢᠶᠠᠨ ᠢᠶᠠᠷ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠂ ᠪᠢ ᠪᠣᠯᠪᠠᠰᠤᠷᠠᠯ ᠢᠶᠠᠨ ᠠᠯᠢ ᠲᠦᠷᠭᠡᠨ ᠢᠶᠠᠷ ᠦᠢᠯᠡᠳᠦᠯᠭᠡ ᠳᠤ ᠬᠡᠷᠡᠭᠯᠡᠵᠦ᠂ ᠥᠪᠡᠷ ᠤᠨ ᠠᠵᠤ ᠠᠬᠤᠶᠢᠯᠠᠯ ᠢᠶᠠᠨ ᠬᠠᠪᠰᠤᠷᠤᠨ ᠰᠢᠨ᠎ᠡ ᠪᠠᠶᠢᠳᠠᠯ ᠤᠨ ᠬᠡᠷᠡᠭᠴᠡᠭᠡ ᠳᠤ ᠠᠯᠢ ᠲᠦᠷᠭᠡᠨ ᠢᠶᠠᠷ ᠵᠣᠬᠢᠴᠠᠭᠤᠯᠵᠤ᠂ ᠡᠯᠧᠺᠳ᠋ᠷᠣᠨ ᠬᠤᠳᠠᠯᠳᠤᠭᠠᠨ ᠤ ᠤᠷᠤᠯᠳᠤᠭᠠᠨ ᠤ ᠵᠠᠮ ᠳᠡᠭᠡᠷ᠎ᠡ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠶ︕︾ ᠭᠡᠵᠦ ᠬᠠᠷᠠᠴᠢᠡ ᠬᠤᠰᠢᠭᠤᠨ ᠤ ᠯᠢᠩ ᠶᠠᠩ ᠢ ᠵᠠᠰᠠᠵᠤ ᠴᠢᠮᠡᠬᠦ ᠮᠠᠲ᠋ᠧᠷᠢᠶᠠᠯ ᠡᠵᠡᠩᠨᠡᠨ ᠪᠣᠷᠣᠯᠠᠭᠤᠯᠬᠤ ᠳᠡᠯᠭᠡᠭᠦᠷ ᠤᠨ ᠵᠠᠬᠢᠷᠤᠯ ᠭᠦᠡ ᠶᠠ ᠰᠢᠨ ᠬᠡᠯᠡᠪᠡ᠃  ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠦᠷᠭᠦᠯᠵᠢᠯᠡᠨ ᠡᠯᠧᠺᠳ᠋ᠷᠣᠨ ᠬᠤᠳᠠᠯᠳᠤᠭᠠᠨ ᠤ ᠰᠠᠭᠤᠷᠢᠨ ᠭᠠᠵᠠᠷ ᠤᠨ ᠵᠠᠭᠪᠤᠷ ᠢᠶᠠᠷ ᠳᠠᠮᠵᠢᠭᠤᠯᠤᠨ᠂ ᠬᠠᠮᠤᠭ ᠤᠨ ᠡᠮᠦᠨ᠎ᠡ᠂ ᠬᠠᠮᠤᠭ ᠤᠨ ᠲᠤᠰᠬᠠᠶ ᠮᠡᠷᠭᠡᠵᠢᠯ ᠤᠨ ᠡᠯᠧᠺᠳ᠋ᠷᠣᠨ ᠬᠤᠳᠠᠯᠳᠤᠭᠠᠨ ᠤ ᠬᠦᠷᠢᠶᠡᠨ ᠳᠠᠬᠢ ᠮᠡᠳᠡᠯᠭᠡ ᠪᠠ ᠤᠷ᠎ᠠ ᠴᠢᠳᠠᠪᠤᠷᠢ ᠶᠢ ᠰᠤᠷᠤᠯᠴᠠᠨ ᠡᠵᠡᠮᠰᠢᠵᠦ᠂ ᠲᠣᠰ ᠪᠡᠶ᠎ᠡ ᠶᠢᠨ ᠶᠡᠷᠦᠩᠬᠡᠶᠢᠯᠡᠭᠰᠡᠨ ᠴᠢᠳᠠᠪᠤᠷᠢ ᠪᠠᠨ ᠳᠡᠭᠡᠭᠰᠢᠯᠡᠭᠦᠯᠦᠨ᠂ ᠠᠵᠢᠯ ᠣᠯᠵᠤ ᠦᠢᠯᠡᠰ ᠴᠣᠭᠴᠠᠯᠠᠵᠤ ᠪᠠᠶᠠᠵᠢᠬᠤ ᠠᠷᠭ᠎ᠠ ᠵᠠᠮ ᠢᠶᠠᠨ ᠥᠷᠭᠡᠳᠬᠡᠵᠦ᠂ ᠨᠠᠩ ᠣᠯᠠᠨ ᠡᠮᠡᠭᠲᠡᠶᠢᠴᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号