ᠮᠤᠵᠢ ᠶᠢᠨ ᠳᠡᠰ ᠤᠨ ᠵᠠᠮ 206 ᠱᠤᠭᠤᠮ ᠤᠨ ᠸᠠᠩ ᠤᠨ ᠬᠤᠷᠤᠭ᠎ᠠ ᠪᠠᠯᠭᠠᠰᠤ ᠠᠴᠠ ᠵᠠᠰᠠᠮᠠᠯ ᠵᠠᠮ ᠪᠣᠯᠭᠠᠨ ᠥᠭᠡᠷᠡᠴᠢᠯᠡᠭᠰᠡᠨ ᠵᠠᠰᠠᠮᠠᠯ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠦᠷ ᠬᠦᠭᠵᠢᠶᠡᠨ ᠲᠠᠢ ᠶᠠᠪᠤᠭᠳᠠᠵᠤ ᠪᠠᠶᠢᠨ᠎ᠠ  ᠣᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠪᠥᠲᠥᠭᠡᠨ ᠪᠠᠶᠢᠭᠤᠯᠬᠤ ᠶᠢ ᠢᠮᠠᠭᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ︽ᠬᠢᠯᠭᠠᠰᠤᠨ ᠰᠤᠳᠠᠯ︾ ᠢ ᠨᠡᠪᠲᠡᠷᠡᠭᠦᠯᠬᠦ ᠪᠠ ︽ᠠᠮᠢᠨ ᠰᠤᠳᠠᠯ ᠤᠨ ᠵᠠᠮ︾ ᠢ ᠨᠡᠪᠲᠡᠷᠡᠭᠦᠯᠬᠦ ᠶᠢ ᠲᠦᠷᠭᠡᠳᠬᠡᠵᠦ᠂ ︽ᠪᠠᠶᠢᠭᠤᠯᠬᠤ᠂ ᠬᠠᠮᠢᠶᠠᠷᠬᠤ᠂ ᠠᠷᠠᠴᠢᠯᠠᠬᠤ᠂ ᠲᠡᠭᠡᠭᠡᠪᠦᠷᠢᠯᠡᠬᠦ︾ ᠳᠥᠷᠪᠡ ᠶᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠶᠢ ᠳᠠᠭᠠᠯᠳᠤᠨ᠂ ᠣᠯᠠᠨ ᠲᠦᠮᠡᠨ ᠳᠤ ᠬᠡᠷ ᠤᠨ ᠡᠭᠦᠳᠡᠨ ᠳᠠᠬᠢ ᠪᠠᠶᠠᠵᠢᠯ ᠤᠨ ᠵᠠᠮ᠂ ᠵᠣᠯ ᠵᠢᠷᠭᠠᠯᠲᠤ ᠵᠠᠮ᠂ ᠰᠡᠳᠬᠢᠯ ᠵᠢᠷᠦᠬᠡ ᠪᠠᠨ ᠬᠤᠯᠪᠣᠭᠰᠠᠨ ᠵᠠᠮ᠂ ᠬᠥᠭᠵᠢᠯ ᠮᠠᠨᠳᠤᠯ ᠤᠨ ᠵᠠᠮ ᠢ ᠪᠣᠶ ᠪᠣᠯᠭᠠᠪᠠ᠃  ᠣᠶᠢᠷ᠎ᠠ ᠳᠤ᠂ ᠰᠤᠷᠪᠤᠯᠵᠢᠯᠠᠭᠴᠢ ᠮᠤᠵᠢ ᠶᠢᠨ ᠵᠠᠮ 206 ᠱᠤᠭᠤᠮ ᠤᠨ ᠸᠠᠩ ᠶᠧ ᠹᠦ᠋ ᠪᠠᠯᠭᠠᠰᠤᠨ ᠤ ᠵᠠᠰᠠᠮᠠᠯ ᠵᠠᠮ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠬᠡᠮᠬᠡᠯᠬᠦ ᠮᠠᠰᠢᠨ ᠤᠤᠯ ᠤᠨ ᠱᠦᠢᠨᠢ ᠪᠧᠲ᠋ᠤᠨ ᠤ ᠵᠠᠮ ᠤᠨ ᠭᠠᠳᠠᠷᠭᠤ ᠳᠤ ᠬᠡᠮᠬᠡᠯᠵᠦ ᠪᠠᠶᠢᠨ᠎ᠠ᠂ ᠨᠥᠭᠦᠭᠡ ᠲᠠᠯ᠎ᠠ ᠪᠠᠷ ᠡᠷᠭᠦᠭᠦᠷ ᠮᠠᠰᠢᠨ ᠨᠢ ᠶᠠᠭ ᠰᠠᠶᠢᠬᠠᠨ ᠬᠡᠪ ᠬᠠᠪᠲᠠᠰᠤ ᠵᠥᠭᠡᠭᠡᠪᠦᠷᠢᠯᠡᠵᠦ ᠪᠠᠶᠢᠨ᠎ᠠ᠂ ᠪᠧᠲ᠋ᠤᠨ ᠤ ᠬᠥᠭᠡᠷᠭᠡ ᠶᠢᠨ ᠲᠡᠷᠭᠡ ᠭᠤᠯᠳᠤᠩ ᠤᠨ ᠰᠠᠭᠤᠷᠢ ᠪᠧᠲ᠋ᠣᠨ ᠢᠶᠠᠷ ᠴᠢᠳᠬᠤᠵᠤ ᠪᠠᠶᠢᠨ᠎ᠠ᠂ ᠮᠠᠰᠢᠨ ᠨᠢ ᠠᠵᠢᠯᠴᠢᠨ ᠲᠠᠢ ᠬᠠᠷᠢᠯᠴᠠᠨ ᠬᠠᠮᠵᠢᠯᠴᠠᠵᠤ᠂ ᠴᠠᠭ ᠬᠤᠭᠤᠴᠠᠭ᠎ᠠ ᠶᠢ ᠠᠮᠵᠢᠨ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠵᠤ᠂ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ ᠪᠠᠶᠢᠨ᠎ᠠ᠃  ︽ᠪᠠᠷᠢᠯᠭ᠎ᠠ ᠪᠠᠷᠢᠬᠤ ᠨᠢᠭᠡᠴᠡ 8 ᠰᠠᠷ᠎ᠠ ᠶᠢᠨ ᠡᠬᠢ ᠪᠠᠷ ᠲᠠᠯᠠᠪᠠᠶ ᠳᠤ ᠣᠷᠣᠵᠤ᠂ ᠣᠲᠣ ᠪᠣᠯᠲᠠᠯ᠎ᠠ ᠶᠠᠭ ᠭᠤᠯᠳᠤᠩ ᠵᠢᠴᠢ ᠵᠠᠮ ᠤᠨ ᠰᠠᠭᠤᠷᠢ ᠰᠢᠷᠣᠶ ᠶᠢᠨ ᠴᠢᠯᠠᠭᠤ ᠶᠢᠨ ᠠᠵᠢᠯ ᠢ ᠬᠢᠵᠦ ᠪᠠᠶᠢᠨ᠎ᠠ᠂ 3 ᠲᠦᠮᠡᠨ ᠺᠦᠪ ᠮᠧᠳ᠋ᠷ ᠴᠢᠯᠠᠭᠤᠨ ᠤ ᠠᠵᠢᠯ᠂ 2 ᠭᠤᠯᠳᠤᠩ ᠠᠭᠤᠶ ᠶᠢ ᠨᠢᠭᠡᠨᠲᠡ ᠪᠡᠶᠡᠯᠡᠭᠦᠯᠪᠡ᠃ ᠲᠣᠰ ᠪᠠᠷᠢᠯᠭ᠎ᠠ ᠶᠢ 9 ᠰᠠᠷ᠎ᠠ ᠶᠢᠨ ᠰᠡᠭᠦᠯᠴᠢ ᠪᠠᠷ ᠵᠠᠮ ᠤᠨ ᠰᠠᠭᠤᠷᠢ ᠶᠢᠨ ᠪᠠᠷᠢᠯᠭ᠎ᠠ ᠵᠢᠴᠢ ᠭᠤᠯᠳᠤᠩ ᠨᠦᠬᠡ ᠶᠢᠨ ᠪᠠᠷᠢᠯᠭ᠎ᠠ ᠶᠢ ᠳᠠᠭᠤᠰᠬᠠᠵᠤ᠂ 10 ᠰᠠᠷ᠎ᠠ ᠶᠢᠨ ᠡᠬᠢ ᠪᠠᠷ ᠵᠠᠮ ᠤᠨ ᠭᠠᠳᠠᠷᠭᠤ ᠶᠢ ᠳᠡᠯᠭᠡᠬᠦ ᠠᠵᠢᠯ ᠢ ᠬᠢᠵᠦ᠂ 10 ᠰᠠᠷ᠎ᠠ ᠶᠢᠨ 15 ᠤ ᠡᠳᠦᠷ᠂ ᠪᠥᠬᠦ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ 10 ᠰᠠᠷ᠎ᠠ ᠶᠢᠨ 31 ᠤ ᠡᠳᠦᠷ ᠪᠤᠰᠤᠳ ᠳᠠᠭᠠᠯᠲᠠ ᠪᠠᠷᠢᠯᠭ᠎ᠠ ᠶᠢ ᠳᠠᠭᠤᠰᠬᠠᠵᠤ᠂ ᠪᠥᠬᠦ ᠲᠠᠯ᠎ᠠ ᠪᠠᠷ ᠲᠡᠷᠭᠡ ᠨᠡᠪᠲᠡᠷᠡᠭᠦᠯᠪᠡ︾ ᠬᠡᠵᠡᠢ᠃ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠪᠠᠲᠤᠯᠠᠭ᠎ᠠ ᠶᠢᠨ ᠲᠥᠪ ᠤᠨ ᠲᠥᠯᠥᠪᠯᠡᠭᠡ ᠶᠢᠨ ᠪᠦᠷᠢᠳᠬᠡᠯ ᠤᠨ ᠲᠠᠰᠤᠭ ᠤᠨ ᠳᠠᠷᠤᠭ᠎ᠠ ᠯᠢ ᠵᠧᠨ ᠬᠡᠯᠡᠪᠡ᠃  ᠣᠶᠢᠯᠠᠭᠠᠭᠰᠠᠨ ᠢᠶᠠᠷ᠂ ᠲᠣᠰ ᠤᠳᠠᠭᠠᠨ ᠤ ᠮᠤᠵᠢ ᠶᠢᠨ ᠵᠠᠮ ᠤᠨ 206 ᠱᠤᠭᠤᠮ ᠤᠨ ᠸᠠᠩ ᠶᠧ ᠹᠦ᠋ ᠪᠠᠯᠭᠠᠰᠤᠨ ᠤ ᠵᠠᠰᠠᠮᠠᠯ ᠵᠠᠮ ᠤᠨ ᠢᠨᠵᠧᠨᠧᠷᠢᠩ ᠢ ᠥᠭᠡᠷᠡᠴᠢᠯᠡᠪᠡ᠂ ᠶᠡᠷᠦᠩᠬᠡᠶ ᠪᠠᠯᠠ ᠣᠷᠣᠭᠤᠯᠤᠯᠲᠠ ᠨᠢ 2355.9 ᠲᠦᠮᠡᠨ ᠲᠥᠭᠦᠷᠢᠭ ᠪᠠᠶᠢᠵᠤ᠂ ᠵᠠᠮ ᠤᠨ ᠬᠠᠰᠢᠯᠭ᠎ᠠ ᠶᠢ ᠨᠢᠭᠡ ᠴᠤᠭᠴᠠᠵᠢᠭᠤᠯᠤᠭᠰᠠᠨ ᠪᠦᠲᠦᠴᠡ ᠶᠢ ᠬᠡᠷᠡᠭᠯᠡᠵᠦ᠂ ᠪᠥᠬᠦ ᠣᠷᠳᠣ ᠨᠢ 4.163 ᠺᠢᠯᠣᠮᠧᠳ᠋ᠷ ᠪᠠᠶᠢᠵᠤ᠂ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠲᠥᠯᠥᠪᠯᠡᠵᠦ᠂ ᠵᠠᠮ ᠤᠨ ᠰᠠᠭᠤᠷᠢ ᠶᠢᠨ ᠥᠷᠭᠡᠨ ᠨᠢ 10 ᠮᠧᠳ᠋ᠷ᠂ ᠵᠠᠮ ᠤᠨ ᠭᠠᠳᠠᠷᠭᠤ ᠶᠢᠨ ᠥᠷᠭᠡᠨ ᠨᠢ 9.5 ᠮᠧᠳ᠋ᠷ ᠪᠣᠯᠤᠨ᠎ᠠ᠃ ᠲᠥᠷᠥᠯ ᠵᠦᠢᠯ ᠤᠨ ᠡᠬᠢᠯᠡᠯᠲᠡ ᠶᠢᠨ ᠴᠡᠭ ᠨᠢ ᠸᠠᠩ ᠶᠸ ᠹᠦ᠋ ᠪᠠᠯᠭᠠᠰᠤᠨ ᠤ ᠰᠢ ᠵᠤᠸᠠᠩ ᠲᠣᠰᠬᠤᠨ ᠳᠤ ᠪᠠᠶᠢᠷᠢᠯᠠᠵᠤ᠂ ᠡᠴᠦᠰ ᠤᠨ ᠴᠡᠭ ᠨᠢ ᠲᠣᠰ ᠪᠠᠯᠭᠠᠰᠤᠨ ᠤ ᠳ᠋ᠠ ᠮᠢᠶᠣᠣ ᠲᠣᠰᠬᠤᠨ ᠳᠤ ᠪᠠᠶᠢᠷᠢᠯᠠᠳᠠᠭ᠃  ︽ᠸᠠᠩ ᠶᠸ ᠹᠦ᠋ ᠪᠠᠯᠭᠠᠰᠤ ᠡᠨᠡ ᠵᠢᠯ ᠤᠨ 3 ᠰᠠᠷ᠎ᠠ ᠶᠢᠨ 27 ᠤ ᠡᠳᠦᠷ ᠵᠠᠰᠠᠮᠠᠯ ᠵᠠᠮ ᠢ ᠲᠣᠭᠤᠷᠢᠨ ᠭᠠᠵᠠᠷ ᠰᠢᠷᠣᠶ ᠲᠠᠲᠠᠪᠤᠷᠢᠯᠠᠬᠤ ᠠᠵᠢᠯ ᠢ ᠵᠢᠩᠬᠢᠨᠢ ᠪᠠᠷ ᠡᠬᠢᠯᠡᠭᠦᠯᠵᠦ᠂ 8 ᠰᠠᠷ᠎ᠠ ᠶᠢᠨ ᠡᠬᠢ ᠪᠠᠷ᠂ ᠭᠠᠵᠠᠷ ᠰᠢᠷᠣᠶ ᠲᠠᠲᠠᠪᠤᠷᠢᠯᠠᠬᠤ ᠠᠵᠢᠯ ᠢ ᠪᠦᠬᠦᠨ ᠢ ᠪᠡᠶᠡᠯᠡᠭᠦᠯᠪᠡ᠃ ᠮᠤᠵᠢ ᠶᠢᠨ ᠵᠠᠮ ᠤᠨ 206 ᠱᠤᠭᠤᠮ ᠸᠠᠩ ᠤᠨ ᠣᠷᠳᠣᠨ ᠤ ᠪᠦᠬᠦ᠋ᠢᠯᠡ ᠪᠠᠯᠭᠠᠰᠤᠨ ᠤ ᠲᠣᠭᠤᠷᠢᠭ ᠲᠤ ᠨᠡᠪᠲᠡᠷᠡᠵᠦ᠂ ᠶᠠᠪᠠᠭᠠᠨ ᠬᠥᠮᠦᠨ ᠪᠠ ᠲᠡᠷᠭᠡ ᠬᠥᠰᠬᠡ ᠬᠤᠯᠢᠯᠳᠤᠨ ᠶᠠᠪᠤᠵᠤ᠂ ᠮᠠᠰᠢ ᠶᠡᠭᠡ ᠠᠮᠤᠷ ᠲᠦᠪᠰᠢᠨ ᠤ ᠳᠠᠯᠳᠠ ᠬᠡᠮ ᠲᠠᠢ᠂ ᠵᠠᠰᠠᠭ ᠤᠨ ᠣᠷᠳᠣᠨ ᠢ ᠲᠣᠭᠤᠷᠢᠨ ᠵᠠᠰᠠᠮᠠᠯ ᠵᠠᠮ ᠢ ᠵᠠᠰᠠᠵᠤ ᠳᠠᠭᠤᠰᠬᠠᠭᠰᠠᠨ ᠤ ᠳᠠᠷᠠᠭ᠎ᠠ᠂ ᠪᠠᠯᠭᠠᠰᠤᠨ ᠤ ᠲᠣᠭᠤᠷᠢᠭ ᠵᠢᠴᠢ ᠸᠠᠩ ᠤᠨ ᠣᠷᠳᠣᠨ ᠤ ᠦᠵᠡᠮᠵᠢ ᠶᠢᠨ ᠣᠷᠣᠨ ᠤ ᠵᠠᠮ ᠬᠠᠷᠢᠯᠴᠠᠭᠠᠨ ᠤ ᠳᠠᠷᠤᠯᠲᠠ ᠶᠢ ᠨᠡᠯᠢᠶᠡᠳ ᠶᠡᠭᠡ ᠬᠡᠮᠵᠢᠶ᠎ᠡ ᠪᠠᠷ ᠨᠠᠮᠳᠠᠭᠤᠯᠵᠤ᠂ ᠸᠠᠩ ᠶᠧ ᠹᠦ᠋ ᠪᠠᠯᠭᠠᠰᠤᠨ ᠤ ᠠᠵᠤ ᠠᠬᠤᠶ ᠶᠢᠨ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠪᠠ︾ ᠭᠡᠵᠡᠶ᠃ ᠸᠠᠩ ᠶᠧ ᠹᠦ᠋ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠬᠢ ᠶᠢᠨ ᠳᠠᠷᠤᠭ᠎ᠠ ᠴᠦ᠊
ᠨᠡᠶᠢᠲᠡᠯᠡᠭᠰᠡᠨ ᠴᠠᠭ᠄
2024/9/23
ᠮᠤᠵᠢ ᠶᠢᠨ ᠳᠡᠰ ᠤᠨ ᠵᠠᠮ 206 ᠱᠤᠭᠤᠮ ᠤᠨ ᠸᠠᠩ ᠤᠨ ᠬᠤᠷᠤᠭ᠎ᠠ ᠪᠠᠯᠭᠠᠰᠤ ᠠᠴᠠ ᠵᠠᠰᠠᠮᠠᠯ ᠵᠠᠮ ᠪᠣᠯᠭᠠᠨ ᠥᠭᠡᠷᠡᠴᠢᠯᠡᠭᠰᠡᠨ ᠵᠠᠰᠠᠮᠠᠯ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠦᠷ ᠬᠦᠭᠵᠢᠶᠡᠨ ᠲᠠᠢ ᠶᠠᠪᠤᠭᠳᠠᠵᠤ ᠪᠠᠶᠢᠨ᠎ᠠ  ᠣᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠪᠥᠲᠥᠭᠡᠨ ᠪᠠᠶᠢᠭᠤᠯᠬᠤ ᠶᠢ ᠢᠮᠠᠭᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ︽ᠬᠢᠯᠭᠠᠰᠤᠨ ᠰᠤᠳᠠᠯ︾ ᠢ ᠨᠡᠪᠲᠡᠷᠡᠭᠦᠯᠬᠦ ᠪᠠ ︽ᠠᠮᠢᠨ ᠰᠤᠳᠠᠯ ᠤᠨ ᠵᠠᠮ︾ ᠢ ᠨᠡᠪᠲᠡᠷᠡᠭᠦᠯᠬᠦ ᠶᠢ ᠲᠦᠷᠭᠡᠳᠬᠡᠵᠦ᠂ ︽ᠪᠠᠶᠢᠭᠤᠯᠬᠤ᠂ ᠬᠠᠮᠢᠶᠠᠷᠬᠤ᠂ ᠠᠷᠠᠴᠢᠯᠠᠬᠤ᠂ ᠲᠡᠭᠡᠭᠡᠪᠦᠷᠢᠯᠡᠬᠦ︾ ᠳᠥᠷᠪᠡ ᠶᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠶᠢ ᠳᠠᠭᠠᠯᠳᠤᠨ᠂ ᠣᠯᠠᠨ ᠲᠦᠮᠡᠨ ᠳᠤ ᠬᠡᠷ ᠤᠨ ᠡᠭᠦᠳᠡᠨ ᠳᠠᠬᠢ ᠪᠠᠶᠠᠵᠢᠯ ᠤᠨ ᠵᠠᠮ᠂ ᠵᠣᠯ ᠵᠢᠷᠭᠠᠯᠲᠤ ᠵᠠᠮ᠂ ᠰᠡᠳᠬᠢᠯ ᠵᠢᠷᠦᠬᠡ ᠪᠠᠨ ᠬᠤᠯᠪᠣᠭᠰᠠᠨ ᠵᠠᠮ᠂ ᠬᠥᠭᠵᠢᠯ ᠮᠠᠨᠳᠤᠯ ᠤᠨ ᠵᠠᠮ ᠢ ᠪᠣᠶ ᠪᠣᠯᠭᠠᠪᠠ᠃  ᠣᠶᠢᠷ᠎ᠠ ᠳᠤ᠂ ᠰᠤᠷᠪᠤᠯᠵᠢᠯᠠᠭᠴᠢ ᠮᠤᠵᠢ ᠶᠢᠨ ᠵᠠᠮ 206 ᠱᠤᠭᠤᠮ ᠤᠨ ᠸᠠᠩ ᠶᠧ ᠹᠦ᠋ ᠪᠠᠯᠭᠠᠰᠤᠨ ᠤ ᠵᠠᠰᠠᠮᠠᠯ ᠵᠠᠮ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠬᠡᠮᠬᠡᠯᠬᠦ ᠮᠠᠰᠢᠨ ᠤᠤᠯ ᠤᠨ ᠱᠦᠢᠨᠢ ᠪᠧᠲ᠋ᠤᠨ ᠤ ᠵᠠᠮ ᠤᠨ ᠭᠠᠳᠠᠷᠭᠤ ᠳᠤ ᠬᠡᠮᠬᠡᠯᠵᠦ ᠪᠠᠶᠢᠨ᠎ᠠ᠂ ᠨᠥᠭᠦᠭᠡ ᠲᠠᠯ᠎ᠠ ᠪᠠᠷ ᠡᠷᠭᠦᠭᠦᠷ ᠮᠠᠰᠢᠨ ᠨᠢ ᠶᠠᠭ ᠰᠠᠶᠢᠬᠠᠨ ᠬᠡᠪ ᠬᠠᠪᠲᠠᠰᠤ ᠵᠥᠭᠡᠭᠡᠪᠦᠷᠢᠯᠡᠵᠦ ᠪᠠᠶᠢᠨ᠎ᠠ᠂ ᠪᠧᠲ᠋ᠤᠨ ᠤ ᠬᠥᠭᠡᠷᠭᠡ ᠶᠢᠨ ᠲᠡᠷᠭᠡ ᠭᠤᠯᠳᠤᠩ ᠤᠨ ᠰᠠᠭᠤᠷᠢ ᠪᠧᠲ᠋ᠣᠨ ᠢᠶᠠᠷ ᠴᠢᠳᠬᠤᠵᠤ ᠪᠠᠶᠢᠨ᠎ᠠ᠂ ᠮᠠᠰᠢᠨ ᠨᠢ ᠠᠵᠢᠯᠴᠢᠨ ᠲᠠᠢ ᠬᠠᠷᠢᠯᠴᠠᠨ ᠬᠠᠮᠵᠢᠯᠴᠠᠵᠤ᠂ ᠴᠠᠭ ᠬᠤᠭᠤᠴᠠᠭ᠎ᠠ ᠶᠢ ᠠᠮᠵᠢᠨ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠵᠤ᠂ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ ᠪᠠᠶᠢᠨ᠎ᠠ᠃  ︽ᠪᠠᠷᠢᠯᠭ᠎ᠠ ᠪᠠᠷᠢᠬᠤ ᠨᠢᠭᠡᠴᠡ 8 ᠰᠠᠷ᠎ᠠ ᠶᠢᠨ ᠡᠬᠢ ᠪᠠᠷ ᠲᠠᠯᠠᠪᠠᠶ ᠳᠤ ᠣᠷᠣᠵᠤ᠂ ᠣᠲᠣ ᠪᠣᠯᠲᠠᠯ᠎ᠠ ᠶᠠᠭ ᠭᠤᠯᠳᠤᠩ ᠵᠢᠴᠢ ᠵᠠᠮ ᠤᠨ ᠰᠠᠭᠤᠷᠢ ᠰᠢᠷᠣᠶ ᠶᠢᠨ ᠴᠢᠯᠠᠭᠤ ᠶᠢᠨ ᠠᠵᠢᠯ ᠢ ᠬᠢᠵᠦ ᠪᠠᠶᠢᠨ᠎ᠠ᠂ 3 ᠲᠦᠮᠡᠨ ᠺᠦᠪ ᠮᠧᠳ᠋ᠷ ᠴᠢᠯᠠᠭᠤᠨ ᠤ ᠠᠵᠢᠯ᠂ 2 ᠭᠤᠯᠳᠤᠩ ᠠᠭᠤᠶ ᠶᠢ ᠨᠢᠭᠡᠨᠲᠡ ᠪᠡᠶᠡᠯᠡᠭᠦᠯᠪᠡ᠃ ᠲᠣᠰ ᠪᠠᠷᠢᠯᠭ᠎ᠠ ᠶᠢ 9 ᠰᠠᠷ᠎ᠠ ᠶᠢᠨ ᠰᠡᠭᠦᠯᠴᠢ ᠪᠠᠷ ᠵᠠᠮ ᠤᠨ ᠰᠠᠭᠤᠷᠢ ᠶᠢᠨ ᠪᠠᠷᠢᠯᠭ᠎ᠠ ᠵᠢᠴᠢ ᠭᠤᠯᠳᠤᠩ ᠨᠦᠬᠡ ᠶᠢᠨ ᠪᠠᠷᠢᠯᠭ᠎ᠠ ᠶᠢ ᠳᠠᠭᠤᠰᠬᠠᠵᠤ᠂ 10 ᠰᠠᠷ᠎ᠠ ᠶᠢᠨ ᠡᠬᠢ ᠪᠠᠷ ᠵᠠᠮ ᠤᠨ ᠭᠠᠳᠠᠷᠭᠤ ᠶᠢ ᠳᠡᠯᠭᠡᠬᠦ ᠠᠵᠢᠯ ᠢ ᠬᠢᠵᠦ᠂ 10 ᠰᠠᠷ᠎ᠠ ᠶᠢᠨ 15 ᠤ ᠡᠳᠦᠷ᠂ ᠪᠥᠬᠦ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ 10 ᠰᠠᠷ᠎ᠠ ᠶᠢᠨ 31 ᠤ ᠡᠳᠦᠷ ᠪᠤᠰᠤᠳ ᠳᠠᠭᠠᠯᠲᠠ ᠪᠠᠷᠢᠯᠭ᠎ᠠ ᠶᠢ ᠳᠠᠭᠤᠰᠬᠠᠵᠤ᠂ ᠪᠥᠬᠦ ᠲᠠᠯ᠎ᠠ ᠪᠠᠷ ᠲᠡᠷᠭᠡ ᠨᠡᠪᠲᠡᠷᠡᠭᠦᠯᠪᠡ︾ ᠬᠡᠵᠡᠢ᠃ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠪᠠᠲᠤᠯᠠᠭ᠎ᠠ ᠶᠢᠨ ᠲᠥᠪ ᠤᠨ ᠲᠥᠯᠥᠪᠯᠡᠭᠡ ᠶᠢᠨ ᠪᠦᠷᠢᠳᠬᠡᠯ ᠤᠨ ᠲᠠᠰᠤᠭ ᠤᠨ ᠳᠠᠷᠤᠭ᠎ᠠ ᠯᠢ ᠵᠧᠨ ᠬᠡᠯᠡᠪᠡ᠃  ᠣᠶᠢᠯᠠᠭᠠᠭᠰᠠᠨ ᠢᠶᠠᠷ᠂ ᠲᠣᠰ ᠤᠳᠠᠭᠠᠨ ᠤ ᠮᠤᠵᠢ ᠶᠢᠨ ᠵᠠᠮ ᠤᠨ 206 ᠱᠤᠭᠤᠮ ᠤᠨ ᠸᠠᠩ ᠶᠧ ᠹᠦ᠋ ᠪᠠᠯᠭᠠᠰᠤᠨ ᠤ ᠵᠠᠰᠠᠮᠠᠯ ᠵᠠᠮ ᠤᠨ ᠢᠨᠵᠧᠨᠧᠷᠢᠩ ᠢ ᠥᠭᠡᠷᠡᠴᠢᠯᠡᠪᠡ᠂ ᠶᠡᠷᠦᠩᠬᠡᠶ ᠪᠠᠯᠠ ᠣᠷᠣᠭᠤᠯᠤᠯᠲᠠ ᠨᠢ 2355.9 ᠲᠦᠮᠡᠨ ᠲᠥᠭᠦᠷᠢᠭ ᠪᠠᠶᠢᠵᠤ᠂ ᠵᠠᠮ ᠤᠨ ᠬᠠᠰᠢᠯᠭ᠎ᠠ ᠶᠢ ᠨᠢᠭᠡ ᠴᠤᠭᠴᠠᠵᠢᠭᠤᠯᠤᠭᠰᠠᠨ ᠪᠦᠲᠦᠴᠡ ᠶᠢ ᠬᠡᠷᠡᠭᠯᠡᠵᠦ᠂ ᠪᠥᠬᠦ ᠣᠷᠳᠣ ᠨᠢ 4.163 ᠺᠢᠯᠣᠮᠧᠳ᠋ᠷ ᠪᠠᠶᠢᠵᠤ᠂ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠲᠥᠯᠥᠪᠯᠡᠵᠦ᠂ ᠵᠠᠮ ᠤᠨ ᠰᠠᠭᠤᠷᠢ ᠶᠢᠨ ᠥᠷᠭᠡᠨ ᠨᠢ 10 ᠮᠧᠳ᠋ᠷ᠂ ᠵᠠᠮ ᠤᠨ ᠭᠠᠳᠠᠷᠭᠤ ᠶᠢᠨ ᠥᠷᠭᠡᠨ ᠨᠢ 9.5 ᠮᠧᠳ᠋ᠷ ᠪᠣᠯᠤᠨ᠎ᠠ᠃ ᠲᠥᠷᠥᠯ ᠵᠦᠢᠯ ᠤᠨ ᠡᠬᠢᠯᠡᠯᠲᠡ ᠶᠢᠨ ᠴᠡᠭ ᠨᠢ ᠸᠠᠩ ᠶᠸ ᠹᠦ᠋ ᠪᠠᠯᠭᠠᠰᠤᠨ ᠤ ᠰᠢ ᠵᠤᠸᠠᠩ ᠲᠣᠰᠬᠤᠨ ᠳᠤ ᠪᠠᠶᠢᠷᠢᠯᠠᠵᠤ᠂ ᠡᠴᠦᠰ ᠤᠨ ᠴᠡᠭ ᠨᠢ ᠲᠣᠰ ᠪᠠᠯᠭᠠᠰᠤᠨ ᠤ ᠳ᠋ᠠ ᠮᠢᠶᠣᠣ ᠲᠣᠰᠬᠤᠨ ᠳᠤ ᠪᠠᠶᠢᠷᠢᠯᠠᠳᠠᠭ᠃  ︽ᠸᠠᠩ ᠶᠸ ᠹᠦ᠋ ᠪᠠᠯᠭᠠᠰᠤ ᠡᠨᠡ ᠵᠢᠯ ᠤᠨ 3 ᠰᠠᠷ᠎ᠠ ᠶᠢᠨ 27 ᠤ ᠡᠳᠦᠷ ᠵᠠᠰᠠᠮᠠᠯ ᠵᠠᠮ ᠢ ᠲᠣᠭᠤᠷᠢᠨ ᠭᠠᠵᠠᠷ ᠰᠢᠷᠣᠶ ᠲᠠᠲᠠᠪᠤᠷᠢᠯᠠᠬᠤ ᠠᠵᠢᠯ ᠢ ᠵᠢᠩᠬᠢᠨᠢ ᠪᠠᠷ ᠡᠬᠢᠯᠡᠭᠦᠯᠵᠦ᠂ 8 ᠰᠠᠷ᠎ᠠ ᠶᠢᠨ ᠡᠬᠢ ᠪᠠᠷ᠂ ᠭᠠᠵᠠᠷ ᠰᠢᠷᠣᠶ ᠲᠠᠲᠠᠪᠤᠷᠢᠯᠠᠬᠤ ᠠᠵᠢᠯ ᠢ ᠪᠦᠬᠦᠨ ᠢ ᠪᠡᠶᠡᠯᠡᠭᠦᠯᠪᠡ᠃ ᠮᠤᠵᠢ ᠶᠢᠨ ᠵᠠᠮ ᠤᠨ 206 ᠱᠤᠭᠤᠮ ᠸᠠᠩ ᠤᠨ ᠣᠷᠳᠣᠨ ᠤ ᠪᠦᠬᠦ᠋ᠢᠯᠡ ᠪᠠᠯᠭᠠᠰᠤᠨ ᠤ ᠲᠣᠭᠤᠷᠢᠭ ᠲᠤ ᠨᠡᠪᠲᠡᠷᠡᠵᠦ᠂ ᠶᠠᠪᠠᠭᠠᠨ ᠬᠥᠮᠦᠨ ᠪᠠ ᠲᠡᠷᠭᠡ ᠬᠥᠰᠬᠡ ᠬᠤᠯᠢᠯᠳᠤᠨ ᠶᠠᠪᠤᠵᠤ᠂ ᠮᠠᠰᠢ ᠶᠡᠭᠡ ᠠᠮᠤᠷ ᠲᠦᠪᠰᠢᠨ ᠤ ᠳᠠᠯᠳᠠ ᠬᠡᠮ ᠲᠠᠢ᠂ ᠵᠠᠰᠠᠭ ᠤᠨ ᠣᠷᠳᠣᠨ ᠢ ᠲᠣᠭᠤᠷᠢᠨ ᠵᠠᠰᠠᠮᠠᠯ ᠵᠠᠮ ᠢ ᠵᠠᠰᠠᠵᠤ ᠳᠠᠭᠤᠰᠬᠠᠭᠰᠠᠨ ᠤ ᠳᠠᠷᠠᠭ᠎ᠠ᠂ ᠪᠠᠯᠭᠠᠰᠤᠨ ᠤ ᠲᠣᠭᠤᠷᠢᠭ ᠵᠢᠴᠢ ᠸᠠᠩ ᠤᠨ ᠣᠷᠳᠣᠨ ᠤ ᠦᠵᠡᠮᠵᠢ ᠶᠢᠨ ᠣᠷᠣᠨ ᠤ ᠵᠠᠮ ᠬᠠᠷᠢᠯᠴᠠᠭᠠᠨ ᠤ ᠳᠠᠷᠤᠯᠲᠠ ᠶᠢ ᠨᠡᠯᠢᠶᠡᠳ ᠶᠡᠭᠡ ᠬᠡᠮᠵᠢᠶ᠎ᠡ ᠪᠠᠷ ᠨᠠᠮᠳᠠᠭᠤᠯᠵᠤ᠂ ᠸᠠᠩ ᠶᠧ ᠹᠦ᠋ ᠪᠠᠯᠭᠠᠰᠤᠨ ᠤ ᠠᠵᠤ ᠠᠬᠤᠶ ᠶᠢᠨ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠪᠠ︾ ᠭᠡᠵᠡᠶ᠃ ᠸᠠᠩ ᠶᠧ ᠹᠦ᠋ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠬᠢ ᠶᠢᠨ ᠳᠠᠷᠤᠭ᠎ᠠ ᠴᠦᠢ ᠱᠦ ᠵᠢᠦᠸᠠᠨ ᠬᠡᠯᠡᠪᠡ᠃ 
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号