ᠬᠠᠷᠠᠴᠢᠨ ᠬᠤᠰᠢᠭᠤᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ︽ᠮᠥᠩᠭᠦᠨ ᠭᠦᠢᠯᠭᠡᠭᠡᠨ ᠤ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ︾ ᠶᠢ ᠭᠦᠨᠵᠡᠭᠡᠶ ᠠᠬᠢᠭᠤᠯᠵᠤ ᠬᠢᠨᠠᠨ ᠵᠢᠯᠣᠭᠤᠳᠪᠠ ︵ᠨᠢᠭᠡ︶
ᠨᠡᠶᠢᠲᠡᠯᠡᠭᠰᠡᠨ ᠴᠠᠭ᠄
2024/9/24
   ︽ᠮᠥᠩᠭᠦᠨ ᠭᠦᠢᠯᠭᠡᠭᠡᠨ ᠤ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠠᠵᠢᠯ ᠤᠨ ᠤᠯᠤᠰ ᠲᠥᠷᠥᠴᠢ ᠴᠢᠨᠠᠷ᠂ ᠠᠷᠠᠳᠴᠢ ᠴᠢᠨᠠᠷ ᠢ ᠲᠠᠰᠤᠷᠠᠯᠲᠠ ᠥᠬᠡᠶ ᠦᠢᠯᠡᠳᠦᠯᠭᠡᠵᠢᠭᠦᠯᠦᠨ᠂ ᠨᠡᠶᠢᠭᠡᠮ ᠨᠡᠶᠢᠲᠡ ᠶᠢᠨ ᠮᠥᠩᠭᠦᠨ ᠭᠦᠢᠯᠭᠡᠭᠡᠨ ᠤ ᠬᠡᠪ ᠪᠣᠯᠪᠠᠰᠤᠷᠠᠯ ᠵᠢᠴᠢ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠡᠷᠡᠭᠦᠯ ᠡᠩᠬᠡ ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠃ 9 ᠰᠠᠷ᠎ᠠ ᠶᠢᠨ 24 ᠤ ᠡᠳᠦᠷ᠂ ᠬᠠᠷᠠᠴᠢᠨ ᠬᠤᠰᠢᠭᠤᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠬᠠᠷᠢᠶ᠎ᠠ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠤᠬᠠᠭᠤᠯᠤᠨ ᠬᠥᠮᠦᠵᠢᠭᠦᠯᠬᠦ ᠠᠵᠢᠯᠯᠠᠭ᠎ᠠ ᠥᠷᠨᠢᠭᠦᠯᠪᠡ᠃   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠯ᠎ᠡ ᠪᠠᠩᠬᠢ ᠶᠢᠨ ᠳᠠᠭᠠᠳᠬᠠᠯ ᠤᠨ ᠪᠠᠶᠢᠭᠤᠯᠤᠮᠵᠢ ᠤᠬᠠᠭᠤᠯᠭ᠎ᠠ ᠶᠢᠨ ᠰᠠᠮᠪᠠᠷ᠎ᠠ ᠶᠢᠨ ᠳᠡᠯᠭᠡᠨ ᠦᠵᠡᠭᠦᠯᠬᠦ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠰᠢ ᠴᠠᠰᠢ ᠥᠩᠭᠡᠷᠡᠬᠦ ᠣᠯᠠᠨ ᠲᠦᠮᠡᠨ ᠤ ᠮᠡᠬᠡᠯᠡᠯ ᠢ ᠡᠰᠡᠷᠭᠦᠴᠡᠬᠦ ᠶᠡᠷᠦ ᠶᠢᠨ ᠪᠤᠰᠤ ᠮᠡᠳᠡᠯᠭᠡ ᠪᠠ ᠣᠶᠤᠨᠴᠢ ᠪᠠᠷ ᠪᠠᠯᠠ ᠣᠷᠣᠭᠤᠯᠬᠤ ᠮᠡᠳᠡᠯᠭᠡ ᠶᠢ ᠲᠦᠭᠡᠮᠡᠯᠵᠢᠭᠦᠯᠵᠦ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠬᠠᠯᠳᠠᠯᠭ᠎ᠠ ᠶᠢ ᠰᠡᠷᠭᠡᠶᠢᠯᠡᠬᠦ᠂ ᠮᠥᠩᠭᠦᠨ ᠭᠦᠶ᠋ᠯᠭᠡᠭᠡᠨ ᠤ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠡᠷᠭᠡ ᠲᠠᠯ᠎ᠠ ᠶᠢᠨ ᠤᠬᠠᠭᠤᠯᠭ᠎ᠠ ᠶᠢ ᠭᠤᠤᠯᠳᠠᠯᠭ᠎ᠠ ᠲᠠᠢ ᠳᠣᠪᠤᠶᠢᠯᠭᠠᠵᠤ᠂ ᠮᠥᠩᠭᠦᠨ ᠭᠦᠢᠯᠭᠡᠭᠡᠨ ᠤ ᠬᠡᠷᠡᠭᠯᠡᠭᠴᠢᠳ ᠪᠠ ᠪᠠᠯᠠ ᠣᠷᠣᠭᠤᠯᠤᠭᠴᠢᠳ ᠤᠨ ᠠᠶᠤᠯ ᠲᠦᠭᠰᠢᠭᠦᠷᠢ ᠶᠢ ᠢᠯᠭᠠᠨ ᠲᠠᠨᠢᠬᠤ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠪᠠ ᠠᠵᠢᠯᠯᠠᠵᠤ ᠪᠠᠶᠢᠭ᠎ᠠ ᠬᠥᠮᠦᠰ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号