ᠾᠧᠪᠸᠢ ᠵᠡᠭᠡᠯᠢ ᠭᠤᠳᠤᠮᠵᠢ ︽ᠠᠷᠪᠠᠨ ᠰᠠᠷ᠎ᠠ ᠶᠢᠨ ᠨᠢᠭᠡᠨ︾ ᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/29
ᠾᠧᠪᠸᠢ ᠵᠡᠭᠡᠯᠢ ᠭᠤᠳᠤᠮᠵᠢ ︽ᠠᠷᠪᠠᠨ ᠰᠠᠷ᠎ᠠ ᠶᠢᠨ ᠨᠢᠭᠡᠨ︾ ᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ  ︽ᠠᠷᠪᠠᠨ ᠰᠠᠷ᠎ᠠ ᠶᠢᠨ ᠨᠢᠭᠡᠨ︾ ᠤ ᠬᠤᠭᠤᠴᠠᠭᠠᠨ ᠳᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠡᠯ᠎ᠡ ᠲᠥᠷᠥᠯ ᠤᠨ ᠳᠠᠯᠳᠠ ᠬᠡᠮ ᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ᠂ 9 ᠰᠠᠷ᠎ᠠ ᠶᠢᠨ 25 ᠤ ᠡᠳᠦᠷ ᠠᠴᠠ 9 ᠰᠠᠷ᠎ᠠ ᠶᠢᠨ 29 ᠤ ᠡᠳᠦᠷ ᠪᠣᠯᠲᠠᠯ᠎ᠠ᠂ ᠾᠧᠪᠸᠢ ᠵᠡᠭᠡᠯᠢ ᠭᠤᠳᠤᠮᠵᠢ ᠶᠢᠨ ᠭᠤᠤᠯ ᠤᠳᠤᠷᠢᠳᠤᠯᠭ᠎ᠠ ᠪᠦᠯᠬᠦᠮ ᠳᠠᠭᠠᠭᠤᠯᠤᠨ ᠬᠠᠷᠢᠶ᠎ᠠ ᠣᠷᠣᠨ ᠤ ᠲᠣᠰᠣ ᠨᠡᠮᠡᠬᠦ ᠥᠷᠲᠡᠭᠡ᠂ ᠬᠥᠮᠦᠨ ᠣᠯᠠᠨ ᠴᠤᠭᠯᠠᠷᠠᠬᠤ ᠲᠠᠯᠠᠪᠤᠷ᠂ ᠢᠳᠡᠭᠡᠨ ᠤᠮᠳᠠᠭᠠᠨ ᠤ ᠠᠵᠢᠯ ᠲᠥᠷᠥᠯ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠬᠦᠷᠴᠦ ︽ᠠᠷᠪᠠᠨ ᠰᠠᠷ᠎ᠠ ᠶᠢᠨ ᠨᠢᠭᠡᠨ︾ ᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ᠃  ᠪᠠᠶᠢᠴᠠᠭᠠᠬᠤ ᠳᠤᠭᠤᠶᠢᠯᠠᠩ ᠤᠷᠢᠳ ᠬᠤᠵᠢᠳ ᠵᠢᠨᠱᠠᠨ ᠲᠣᠮᠣ ᠠᠰᠠᠷ᠂ ᠵᠢᠶᠠ ᠶᠤᠸᠠᠨ ᠬᠡᠲᠦ ᠳᠡᠯᠭᠡᠭᠦᠷ᠂ ᠶᠢᠨ ᠵᠢᠶᠧ ᠬᠤᠳᠠᠯᠳᠤᠭᠠᠨ ᠤ ᠠᠰᠠᠷ᠂ ᠰᠢ ᠹᠦ᠋ ᠲᠣᠰᠣ ᠨᠡᠮᠡᠬᠦ ᠥᠷᠲᠡᠭᠡ ᠳᠤ ᠬᠦᠷᠴᠦ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠦᠢᠯᠡᠳᠪᠦᠷᠢᠯᠡᠯ ᠤᠨ ᠠᠮᠤᠷ ᠲᠦᠪᠰᠢᠨ ᠵᠡᠷᠭᠡ ᠪᠠᠶᠢᠳᠠᠯ ᠳᠤ ᠴᠢᠭᠯᠡᠭᠦᠯᠦᠨ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ ᠬᠡᠷᠡᠭᠯᠡᠯᠲᠡ ᠶᠢᠨ ᠳᠠᠯᠳᠠ ᠬᠡᠮ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ︽ᠪᠠᠶᠢᠴᠠᠭᠠᠬᠤ - ᠴᠡᠭᠴᠡᠯᠡᠨ ᠰᠠᠶᠢᠵᠢᠷᠠᠭᠤᠯᠬᠤ - ᠳᠠᠬᠢᠨ ᠪᠠᠶᠢᠴᠠᠭᠠᠬᠤ - ᠬᠠᠷᠢᠭᠤ ᠲᠤᠰᠬᠠᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠬᠠᠶ ᠶᠢᠨ ᠲᠠᠯᠠᠪᠠᠶ ᠳᠤ ᠬᠠᠷᠢᠭᠤ ᠲᠤᠰᠬᠠᠵᠤ᠂ ᠵᠠᠷᠯᠢᠭᠳᠠᠵᠤ ᠪᠠᠶᠢᠭᠠᠳ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃  ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ ᠂ ᠬᠠᠷᠢᠶ᠎ᠠ ᠣᠷᠣᠨ ᠤ ᠪᠠᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠶ᠎ᠠ ᠣᠷᠣᠨ ᠤ ᠣᠯᠠᠨ ᠲᠦᠮᠡᠨ ᠤ ᠠᠮᠤᠷ ᠲᠦᠪᠰᠢᠨ ᠢᠶᠠᠷ ᠪᠠᠶᠠᠷ ᠤᠨ ᠡᠳᠦᠷ ᠢ ᠥᠩᠭᠡᠷᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠡᡁᠧᠪᠸᠢ ᠵᠡᠭᠡᠯᠢ ᠭᠤᠳᠤᠮᠵᠢ ᠶᠢᠨ ᠬᠢᠨ ᠡᠳᠦᠷ ᠳᠤᠳᠤᠮ ᠤᠨ ᠠᠵᠢᠯ ᠠᠴᠠ ᠭᠠᠷᠳᠠᠵᠤ᠂ ᠵᠢᠭᠰᠠᠭᠠᠨ ᠪᠠᠶᠢᠴᠠᠭᠠᠬᠤ ᠳᠤ ︽ᠪᠦᠬᠦᠨ ᠢ ᠬᠠᠮᠤᠷᠬᠤ︾ ᠶᠢ ᠪᠠᠷᠢᠮᠲᠠᠯᠠᠵᠤ᠂ ᠭᠡᠮ ᠰᠣᠭᠤᠭ ᠢ ︽ᠥᠴᠦᠬᠡᠨ ᠴᠦ ᠠᠭᠤᠴᠢᠯᠠᠬᠤ ᠦᠭᠡᠢ︾᠂ ᠠᠮᠤᠷ ᠲᠦᠪᠰᠢᠨ ᠤ ᠮᠡᠳᠡᠯᠭᠡ ᠶᠢ ︽ᠥᠷᠭᠡᠨ ᠢᠶᠠᠷ ᠤᠬᠠᠭᠤᠯᠵᠤ︾᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠦᠨ᠎ᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号