ᠤᠢᠢᠷ᠎ᠠ ᠶᠢᠨ ᠵᠢᠯ ᠠᠴᠠ᠂ ᠪᠠᠭ᠎ᠠ ᠨᠡᠭᠦᠴᠡ ᠪᠠᠯᠭᠠᠰᠤ ︽ᠠᠵᠤ ᠦᠢᠯᠡᠰ ᠤᠨ ᠲᠤᠮᠤ ᠪᠠᠯᠭᠠᠰᠤ᠂ ᠬᠥᠳᠡᠭᠡ ᠠᠵᠤ | ᠠᠬᠤᠢ ᠶᠢᠨ ᠬᠦᠴᠦᠷᠬᠡᠭ ᠪᠠᠯᠭᠠᠰᠤ᠂ ᠠᠮᠢ ᠠᠬᠤᠢ ᠶᠢᠨ ᠭᠤᠶᠤ ᠪᠠᠯᠭᠠᠰᠤ︾ ᠶᠢᠨ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠤ ᠦᠢᠯᠡᠰ ᠤᠨ ᠲᠡᠰ ᠳᠡᠪᠰᠢᠬᠦ᠂ ᠦᠵᠡᠰᠬᠦᠯᠡᠩᠲᠦ ᠰᠠᠶᠢᠬᠠᠨ ᠶᠠᠰᠤ ᠴᠢᠨᠠᠷ ᠢ ᠳᠡᠭᠡᠭᠰᠢᠯᠡᠭᠦᠯᠬᠦ | ᠂ ᠬᠠᠮᠲᠤᠪᠠᠷ ᠪᠠᠶᠠᠵᠢᠵᠤ ᠴᠢᠳᠠᠪᠤᠷᠢ ᠶᠢ ᠳᠡᠭᠡᠭᠰᠢᠯᠡᠭᠦᠯᠬᠦ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ | ᠯᠠᠪᠳᠠᠭᠤᠨ ᠪᠠᠲᠤᠲᠠᠢ ᠠᠬᠢᠭᠤᠯᠵᠤ᠂ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ | ᠯᠠᠪᠳᠠᠭᠤᠨ ᠪᠠᠲᠤᠲᠠᠢ ᠠᠯᠬᠤᠮ ᠢ ᠠᠯᠬᠤᠪᠠ᠃ | ᠲᠦᠷᠦᠯ ᠵᠦᠢᠯ ᠢ ᠠᠳᠬᠤᠵᠤ᠂ ᠲᠠᠪᠴᠠᠩ ᠪᠠᠶᠢᠭᠤᠯᠵᠤ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠪᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠭᠦᠨᠵᠡᠭᠡᠶ ᠡᠳ᠋ᠰᠢᠭᠦᠯᠬᠦ ᠠᠵᠤ ᠦᠢᠯᠡᠰ᠂ ᠣᠷᠴᠢᠨ ᠲᠣᠭᠤᠷᠢᠨ ᠢ ᠬᠠᠮᠠᠭᠠᠯᠠᠬᠤ ᠪᠠᠷᠢᠯᠭ᠎ᠠ ᠶᠢᠨ | ᠮᠠᠲ᠋ᠧᠷᠢᠶᠠᠯ ᠤᠨ ᠠᠵᠤ ᠦᠢᠯᠡᠰ ᠤᠨ ︽ᠬᠤᠶᠠᠷ ᠮᠠᠩᠯᠠᠢ︾ ᠶᠢ ᠰᠠᠶᠢᠲᠤᠷ ᠬᠢᠨ᠎ᠡ᠃ ᠲᠤᠰᠬᠠᠶ ᠮᠡᠷᠭᠡᠵᠢᠯ ᠤᠨ | ᠬᠦᠷᠢᠶᠡᠯᠡᠩ ᠲᠣᠭᠤᠷᠢᠭ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠴᠠᠬᠢᠯᠭᠠᠨ᠂ ᠵᠠᠮ᠂ ᠰᠦᠯᠵᠢᠶ᠎ᠡ᠂ ᠪᠣᠬᠢᠷᠲᠤᠯ | ᠭᠠᠳᠠᠭᠰᠢᠯᠠᠭᠤᠯᠬᠤ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠢᠵᠢ ᠪᠥᠷᠢᠳᠦᠭᠦᠯᠦᠨ | ᠪᠡᠶᠡᠯᠡᠭᠦᠯᠵᠦ᠂ ᠯᠢᠶᠠᠨ ᠱᠧᠩ᠂ ᠶᠢᠨ ᠳ᠋ᠦ᠋᠂ ᠵᠢᠦ ᠮᠤ᠋ ᠾᠧ ᠵᠡᠷᠭᠡ 10 ᠭᠠᠷᠤᠶ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠦᠢᠯᠡᠰ ᠤᠨ | ᠪᠥᠭᠡᠮᠨᠡᠷᠡᠯ ᠢ ᠪᠣᠶ ᠪᠣᠯᠭᠠᠪᠠ᠃ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠬᠢᠴᠡᠲᠡᠢ ᠠᠳᠤᠭᠤᠨ | ᠬᠠᠪᠲᠠᠰᠤ ᠶᠢᠨ ᠦᠢᠯᠡᠰ᠂ ᠮᠧᠩ ᠵᠢᠶᠦ᠋ᠨ ᠪᠠᠷᠢᠯᠭ᠎ᠠ ᠶᠢᠨ ᠮᠠᠲ᠋ᠧᠷᠢᠶᠠᠯ ᠤᠨ ︽ᠠᠵᠢᠨᠠᠶ ᠮᠣᠷᠢ︾ ᠳᠠᠪᠬᠢᠬᠤ ᠪᠠ | ᠣᠷᠴᠢᠨ ᠲᠣᠭᠤᠷᠢᠨ ᠢ ᠬᠠᠮᠠᠭᠠᠯᠠᠬᠤ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠴᠢᠳᠠᠮᠵᠢ ᠶᠢ ᠥᠷᠭᠡᠳᠬᠡᠨ | ᠶᠠᠰᠤ ᠴᠢᠨᠠᠷ ᠢ ᠳᠡᠭᠡᠭᠰᠢᠯᠡᠭᠦᠯᠵᠦ᠂ ᠵᠢᠯ ᠳᠤ 230 ᠲᠦᠮᠡᠨ ᠲᠡᠭᠰᠢ ᠬᠠᠪᠲᠠᠰᠤ ᠦᠢᠯᠡᠳᠪᠦᠷᠢᠯᠡᠵᠦ᠂ | ᠦᠢᠯᠡᠳᠬᠦᠨ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠤ ᠰᠠᠶᠢᠨ ᠪᠣᠷᠣᠯᠠᠭᠤᠯᠤᠨ᠎ᠠ᠃ | ᠪᠦᠲᠦᠴᠡ ᠶᠢ ᠲᠣᠬᠢᠷᠠᠭᠤᠯᠤᠨ᠂ ᠦᠷ᠎ᠡ ᠠᠰᠢᠭ ᠢ ᠨᠡᠮᠡᠭᠳᠡᠭᠦᠯᠵᠦ᠂ ᠭᠤᠤᠯᠯᠠᠬᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠦᠨ᠎ᠡ᠃ ᠭᠤᠤ ᠰᠤᠪᠠᠭ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠲᠠᠯ᠎ᠠ ᠪᠠᠷ ᠬᠦᠴᠦ ᠣᠷᠣᠭᠤᠯᠵᠤ᠂ ᠠᠭᠤᠯᠠᠨ ᠭᠤᠤ ᠶᠢᠨ ᠳᠣᠪᠤ ᠨᠤᠭᠤᠰᠤ ᠲᠡᠵᠢᠭᠡᠵᠦ ᠦᠬᠡᠷ ᠲᠡᠵᠢᠭᠡᠵᠦ᠂ ᠠᠭᠤᠯᠠᠨ | ᠪᠡᠯ ᠳᠤ ᠣᠷᠭᠠᠨᠢᠭ ᠡᠯᠳᠡᠪ ᠠᠮᠤ ᠳᠠᠷᠢᠵᠤ᠂ ᠰᠢᠭᠤᠶᠢᠲᠤ ᠣᠷᠣᠨ ᠳᠤ ᠣᠶ ᠶᠢᠨ ᠬᠤᠷᠮᠣᠶ ᠳᠤ ᠳᠠᠷᠢᠵᠤ ᠲᠡᠵᠢᠭᠡᠨ | ᠦᠷᠡᠵᠢᠭᠦᠯᠬᠦ ᠶᠢ ᠬᠥᠭᠵᠢᠭᠦᠯᠵᠦ᠂ ᠭᠤᠤᠯ ᠤᠨ ᠬᠥᠨᠳᠡᠶ ᠶᠢᠨ ᠲᠠᠯ᠎ᠠ ᠭᠠᠵᠠᠷ ᠲᠤ ᠲᠥᠮᠥᠰᠥ ᠳᠠᠷᠢᠵᠤ᠂ ᠬᠡᠰᠡᠭᠯᠡᠨ | ᠲᠠᠷᠬᠠᠭᠠᠵᠤ ᠬᠥᠭᠵᠢᠭᠦᠯᠬᠦ ᠲᠥᠬᠦᠭᠡᠷᠦᠮᠵᠢᠲᠦ ᠢᠳᠡᠰᠢᠨ ᠮᠥᠬᠦ᠂ ᠪᠥᠬᠦ ᠪᠠᠯᠭᠠᠰᠤᠨ ᠤ ᠠᠮᠤ ᠪᠤᠳᠠᠭᠠᠨ ᠤ ᠲᠠᠷᠢᠮᠠᠯ | 10.09 ᠲᠦᠮᠡᠨ ᠮᠥ ᠳᠤ ᠬᠦᠷᠴᠦ᠂ ᠠᠯᠢᠮ᠎ᠠ ᠶᠢᠨ ᠮᠣᠳᠣ᠂ ᠠᠯᠮᠤᠷᠠᠳ ᠤᠨ ᠮᠣᠳᠣ ᠵᠡᠷᠭᠡ ᠳᠠᠷᠢᠬᠤ ᠲᠠᠯᠠᠪᠠᠶ | 3000 ᠮᠥ ᠳᠤ ᠬᠥᠷᠪᠡ᠃ ᠪᠥᠬᠦ ᠪᠠᠯᠭᠠᠰᠤᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ 19 | ᠪᠣᠯᠵᠤ᠂ ᠦᠷ᠎ᠡ ᠶᠢᠨ ᠢᠳᠡᠰᠢᠨ ᠨᠤᠭᠤᠰᠤ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ 20 ᠲᠦᠮᠡᠨ ᠲᠡᠭᠰᠢ | ᠳᠥᠷᠪᠡᠯᠵᠢᠨ ᠮᠧᠳ᠋ᠷ ᠲᠤ ᠬᠦᠷᠴᠦ᠂ ᠲᠡᠵᠢᠭᠡᠵᠦ ᠪᠠᠶᠢᠭ᠎ᠠ ᠮᠢᠬᠠᠨ ᠤ ᠨᠤᠭᠤᠰᠤ 40 ᠲᠦᠮᠡᠨ ᠢᠦᠶ᠂ ᠡᠭᠦᠯᠳᠡᠷ ᠤᠨ | ᠨᠤᠭᠤᠰᠤ 37.5 ᠲᠦᠮᠡᠨ ᠢᠦᠶ᠂ ᠠᠯᠠᠰᠢᠨ ᠦᠬᠡᠷ 2.3 ᠲᠦᠮᠡ ᠭᠠᠷᠤᠶ ᠪᠠᠶᠢᠵᠤ᠂ ᠲᠠᠷᠢᠶᠠᠯᠠᠩ ᠮᠠᠯ ᠠᠵᠤ | ᠠᠬᠤᠶ ᠶᠢᠨ ᠵᠢᠷᠭᠤᠭᠠᠨ ᠶᠡᠭᠡ ᠭᠤᠤᠯᠯᠠᠬᠤ ᠠᠵᠤ ᠦᠶ᠋ᠯᠡᠰ ᠬᠢᠵᠠᠭᠠᠯᠠᠰᠢ ᠥᠬᠡᠶ ᠠᠮᠢᠵᠢᠷᠠᠯ ᠤᠨ ᠬᠦᠴᠦᠨ ᠢᠶᠠᠨ | ᠢᠯᠡᠷᠡᠭᠦᠯᠪᠡ᠃ ︽ᠨᠢᠭᠡ ᠰᠢᠶᠠᠩ ᠨᠢᠭᠡ ᠪᠦᠲᠦᠭᠡᠭᠳᠡᠬᠦᠨ︾ ᠤ ᠣᠨᠴᠠᠯᠢᠭᠲᠤ ᠨᠡᠷᠡᠲᠦ ᠲᠡᠮᠳᠡᠭ ᠢ ᠡᠭᠦᠳᠴᠦ᠂ ︽ | ᠬᠤᠨᠴᠢᠷᠲᠤ ᠡᠪᠡᠰᠦᠯᠢᠭ ᠤᠷᠭᠤᠮᠠᠯ︾ ᠨᠤᠭᠤᠰᠤᠨ ᠱᠥᠯᠥ᠂ ︽ᠦᠨᠳᠡᠭᠡ ᠡᠯᠪᠡᠭ ᠳᠡᠯᠪᠡᠭ︾ ᠲᠠᠬᠢᠶᠠᠨ ᠥᠨᠳᠡᠭᠡ᠂ | ︽ᠠᠰᠢᠭ ᠬᠦᠷᠲᠡᠬᠦ︾ ᠭᠠᠰᠢᠭᠤᠨ ᠴᠣᠪᠤᠭ᠎ᠠ ᠶᠢᠨ ᠰᠢᠷᠢᠰ᠂ ︽ᠴᠡᠪᠡᠷ ᠮᠥᠭᠦ ᠡᠮᠡᠭᠡ︾ ᠶᠢᠨ ᠬᠤᠨᠢᠨ ᠤ | ᠭᠡᠳᠡᠰᠦᠨ ᠤ ᠮᠥᠭᠦ ᠵᠡᠷᠭᠡ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠭᠦᠨ ᠮᠡᠳᠡᠷᠡᠵᠦ᠂ ᠣᠨᠴᠠᠯᠢᠭᠲᠤ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠪᠠ ᠦᠢᠯᠡᠳᠪᠦᠷᠢᠯᠡᠬᠦ ᠦᠷ᠎ᠡ ᠠᠰᠢᠭ | ᠲᠠᠰᠤᠷᠠᠯᠲᠠ ᠦᠭᠡᠢ ᠳᠡᠭᠡᠭᠰᠢᠯᠡᠪᠡ᠃ | |