ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠯᠤᠰ ᠤᠨ ᠪᠠᠶᠠᠷ ᠠᠴᠠ ᠡᠮᠦᠨᠡᠬᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠪᠡ ︵ᠬᠤᠶᠠᠷ︶
ᠨᠡᠶᠢᠲᠡᠯᠡᠭᠰᠡᠨ ᠴᠠᠭ᠄
2024/9/29
   ᠲᠣᠰ ᠤᠳᠠᠭᠠᠨ ᠤ ᠤᠯᠤᠰ ᠤᠨ ᠪᠠᠶᠠᠷ ᠠᠴᠠ ᠡᠮᠦᠨᠡᠬᠡᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯᠯᠠᠭ᠎ᠠ ᠨᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠦᠲᠦᠮᠵᠢᠲᠡᠶ ᠠᠬᠢᠭᠤᠯᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠭᠡᠮ ᠰᠣᠭᠤᠭ ᠢ ᠪᠠᠶᠢᠴᠠᠭᠠᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃ ᠡᠭᠦᠨ ᠤ ᠬᠠᠮᠲᠤ᠂ ᠡᠯ᠎ᠡ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号