︽ᠠᠷᠪᠠᠨ ᠰᠠᠷ᠎ᠠ ᠶᠢᠨ ᠨᠢᠭᠡᠨ︾ ᠤ ᠬᠤᠭᠤᠴᠠᠭᠠᠨ ᠳᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ | ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠡᠯ᠎ᠡ ᠲᠥᠷᠥᠯ ᠤᠨ ᠳᠠᠯᠳᠠ ᠬᠡᠮ ᠢ ᠪᠦᠲᠦᠮᠵᠢᠲᠡᠶ | ᠬᠤᠷᠢᠭᠯᠠᠬᠤ ᠶᠢᠨ ᠲᠥᠯᠥᠭᠡ᠂ 9 ᠰᠠᠷ᠎ᠠ ᠶᠢᠨ 25 ᠤ ᠡᠳᠦᠷ ᠠᠴᠠ 9 ᠰᠠᠷ᠎ᠠ ᠶᠢᠨ 29 ᠤ ᠡᠳᠦᠷ ᠪᠣᠯᠲᠠᠯ᠎ᠠ᠂ | ᠾᠧᠪᠸᠢ ᠵᠡᠭᠡᠯᠢ ᠭᠤᠳᠤᠮᠵᠢ ᠶᠢᠨ ᠭᠤᠤᠯ ᠤᠳᠤᠷᠢᠳᠤᠯᠭ᠎ᠠ ᠪᠦᠯᠬᠦᠮ ᠳᠠᠭᠠᠭᠤᠯᠤᠨ ᠬᠠᠷᠢᠶ᠎ᠠ ᠣᠷᠣᠨ ᠤ ᠲᠣᠰᠣ ᠨᠡᠮᠡᠬᠦ | ᠥᠷᠲᠡᠭᠡ᠂ ᠬᠥᠮᠦᠨ ᠣᠯᠠᠨ ᠴᠤᠭᠯᠠᠷᠠᠬᠤ ᠲᠠᠯᠠᠪᠤᠷ᠂ ᠢᠳᠡᠭᠡᠨ ᠤᠮᠳᠠᠭᠠᠨ ᠤ ᠠᠵᠢᠯ ᠲᠥᠷᠥᠯ ᠵᠡᠷᠭᠡ | ᠭᠤᠤᠯᠳᠠᠯᠭ᠎ᠠ ᠲᠠᠢ ᠲᠠᠯᠠᠪᠤᠷ ᠲᠤ ᠬᠦᠷᠴᠦ ︽ᠠᠷᠪᠠᠨ ᠰᠠᠷ᠎ᠠ ᠶᠢᠨ ᠨᠢᠭᠡᠨ︾ ᠤ ᠪᠠᠶᠠᠷ ᠤᠨ ᠡᠳᠦᠷ ᠠᠴᠠ ᠡᠮᠦᠨᠡᠬᠢ | ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ᠃ | ᠪᠠᠶᠢᠴᠠᠭᠠᠬᠤ ᠳᠤᠭᠤᠶᠢᠯᠠᠩ ᠤᠷᠢᠳ ᠬᠤᠵᠢᠳ ᠵᠢᠨᠱᠠᠨ ᠲᠣᠮᠣ ᠠᠰᠠᠷ᠂ ᠵᠢᠶᠠ ᠶᠤᠸᠠᠨ ᠬᠡᠲᠦ ᠳᠡᠯᠭᠡᠭᠦᠷ᠂ ᠶᠢᠨ | ᠵᠢᠶᠧ ᠬᠤᠳᠠᠯᠳᠤᠭᠠᠨ ᠤ ᠠᠰᠠᠷ᠂ ᠰᠢ ᠹᠦ᠋ ᠲᠣᠰᠣ ᠨᠡᠮᠡᠬᠦ ᠥᠷᠲᠡᠭᠡ ᠳᠤ ᠬᠦᠷᠴᠦ ᠠᠵᠤ ᠠᠬᠤᠶᠢᠯᠠᠯ ᠤᠨ ᠴᠠᠬᠢᠯᠭᠠᠨ | ᠬᠡᠷᠡᠭᠯᠡᠬᠦ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ | ᠦᠢᠯᠡᠳᠪᠦᠷᠢᠯᠡᠯ ᠤᠨ ᠠᠮᠤᠷ ᠲᠦᠪᠰᠢᠨ ᠵᠡᠷᠭᠡ ᠪᠠᠶᠢᠳᠠᠯ ᠳᠤ ᠴᠢᠭᠯᠡᠭᠦᠯᠦᠨ ᠪᠠᠶᠢᠴᠠᠭᠠᠯᠲᠠ ᠬᠢᠵᠦ᠂ ᠭᠠᠯ | ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ ᠬᠡᠷᠡᠭᠯᠡᠯᠲᠡ ᠶᠢᠨ ᠳᠠᠯᠳᠠ ᠬᠡᠮ ᠢ ᠭᠤᠤᠯᠳᠠᠯᠭ᠎ᠠ ᠲᠠᠢ | ᠵᠢᠭᠰᠠᠭᠠᠨ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠡᠯ᠎ᠡ | ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ︽ᠪᠠᠶᠢᠴᠠᠭᠠᠬᠤ - ᠴᠡᠭᠴᠡᠯᠡᠨ ᠰᠠᠶᠢᠵᠢᠷᠠᠭᠤᠯᠬᠤ - ᠳᠠᠬᠢᠨ | ᠪᠠᠶᠢᠴᠠᠭᠠᠬᠤ - ᠬᠠᠷᠢᠭᠤ ᠲᠤᠰᠬᠠᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠬᠠᠶ ᠶᠢᠨ ᠲᠠᠯᠠᠪᠠᠶ ᠳᠤ | ᠬᠠᠷᠢᠭᠤ ᠲᠤᠰᠬᠠᠵᠤ᠂ ᠵᠠᠷᠯᠢᠭᠳᠠᠵᠤ ᠪᠠᠶᠢᠭᠠᠳ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ | ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ | ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ | ᠬᠠᠷᠢᠶ᠎ᠠ ᠣᠷᠣᠨ ᠤ ᠪᠠᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠶ᠎ᠠ ᠣᠷᠣᠨ ᠤ ᠣᠯᠠᠨ | ᠲᠦᠮᠡᠨ ᠤ ᠠᠮᠤᠷ ᠲᠦᠪᠰᠢᠨ ᠢᠶᠠᠷ ᠪᠠᠶᠠᠷ ᠤᠨ ᠡᠳᠦᠷ ᠢ ᠥᠩᠭᠡᠷᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ | ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠡᡁᠧᠪᠸᠢ ᠵᠡᠭᠡᠯᠢ ᠭᠤᠳᠤᠮᠵᠢ ᠶᠢᠨ ᠬᠢᠨ ᠡᠳᠦᠷ ᠳᠤᠳᠤᠮ ᠤᠨ | ᠠᠵᠢᠯ ᠠᠴᠠ ᠭᠠᠷᠳᠠᠵᠤ᠂ ᠵᠢᠭᠰᠠᠭᠠᠨ ᠪᠠᠶᠢᠴᠠᠭᠠᠬᠤ ᠳᠤ ︽ᠪᠦᠬᠦᠨ ᠢ ᠬᠠᠮᠤᠷᠬᠤ︾ ᠶᠢ ᠪᠠᠷᠢᠮᠲᠠᠯᠠᠵᠤ᠂ ᠭᠡᠮ | ᠰᠣᠭᠤᠭ ᠢ ︽ᠥᠴᠦᠬᠡᠨ ᠴᠦ ᠠᠭᠤᠴᠢᠯᠠᠬᠤ ᠦᠭᠡᠢ︾᠂ ᠠᠮᠤᠷ ᠲᠦᠪᠰᠢᠨ ᠤ ᠮᠡᠳᠡᠯᠭᠡ ᠶᠢ ︽ᠥᠷᠭᠡᠨ ᠢᠶᠠᠷ | ᠤᠬᠠᠭᠤᠯᠵᠤ︾᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠦᠨ᠎ᠡ᠃ |