ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ | ᠦᠷᠭᠦᠯᠵᠢᠯᠡᠨ ᠰᠠᠶᠢᠵᠢᠷᠠᠪᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠯᠢ ᠤᠯᠠᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ | ᠢᠨᠵᠧᠨᠧᠷᠢᠩ ᠢ ᠬᠡᠷᠡᠭᠵᠢᠭᠦᠯᠵᠦ᠂ ᠤᠢ ᠰᠢᠭᠤᠢ ᠶᠢᠨ ᠲᠠᠯᠠᠪᠠᠢ 36229.7 ᠾᠧᠺᠲ᠋ᠠᠷ ᠲᠤ ᠬᠦᠷᠴᠡᠢ᠃ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ | ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠶᠢ 3000 | ᠰᠢᠬᠠᠮ ᠡᠷᠦᠬᠡ ᠬᠡᠷᠡᠭᠵᠢᠭᠦᠯᠵᠦ᠂ ᠪᠠᠯᠭᠠᠰᠤᠨ ᠤ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠥᠷᠲᠡᠭᠡ ᠪᠠ | ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠬᠤᠭᠤᠯᠠᠶ ᠶᠢᠨ ᠲᠣᠤᠷ ᠢ ᠪᠠᠶᠢᠭᠤᠯᠵᠤ᠂ ᠬᠥᠳᠡᠭᠡ | ᠲᠣᠰᠬᠤᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠤᠨ ᠢᠯᠡᠳᠲᠡ ᠬᠤᠪᠢᠷᠠᠯᠲᠠ ᠭᠠᠷᠭᠠᠪᠠ᠃ ︽ᠭᠤᠤᠯ | ᠮᠥᠷᠡᠨ ᠤ ᠳᠠᠷᠤᠭ᠎ᠠ ᠶᠢᠨ ᠳᠦᠷᠢᠮ︾᠂ ︽ᠣᠢ ᠰᠢᠭᠤᠶ ᠶᠢᠨ ᠳᠠᠷᠤᠭ᠎ᠠ ᠶᠢᠨ ᠳᠦᠷᠢᠮ︾ ᠢ ᠲᠦᠷᠭᠡᠳᠬᠡᠨ | ᠠᠬᠢᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ | ᠠᠮᠢ ᠠᠬᠤᠢ ᠶᠢᠨ ᠬᠠᠮᠠᠭᠠᠯᠠᠯᠲᠠ ᠶᠢᠨ ᠲᠣᠭᠲᠠᠴᠠ ᠶᠢ ᠨᠡᠩ ᠲᠡᠭᠦᠯᠳᠡᠷᠵᠢᠭᠦᠯᠦᠨ᠎ᠡ᠃ | ︽ᠤᠯᠠᠭᠠᠨ ᠪᠣᠷᠣ ᠬᠠᠷ᠎ᠠ︾ ᠰᠠᠮᠪᠠᠷ᠎ᠠ ᠭᠠᠷᠭᠠᠵᠤ᠂ ᠪᠣᠯᠪᠠᠰᠤᠨ ᠭᠡᠷ ᠪᠦᠯᠢ᠂ ᠦᠵᠡᠰᠬᠦᠯᠡᠩᠲᠦ ᠰᠠᠶᠢᠬᠠᠨ | ᠬᠦᠷᠢᠶ᠎ᠡ ᠬᠠᠰᠢᠶ᠎ᠠ᠂ ᠳᠡᠷᠭᠡᠳᠡᠬᠢ ᠰᠠᠶᠢᠨ ᠬᠥᠮᠦᠨ ᠵᠡᠷᠭᠡ ᠶᠢ ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ | ᠰᠠᠶᠢᠰᠢᠶᠠᠬᠤ ᠠᠵᠢᠯ ᠢ ᠥᠷᠨᠢᠭᠦᠯᠵᠦ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠴᠠᠭ ᠦᠶ᠎ᠡ ᠶᠢᠨ ᠰᠢᠨ᠎ᠡ | ᠰᠤᠷᠲᠠᠯ ᠢ ᠪᠠᠳᠠᠷᠠᠭᠤᠯᠤᠨ᠎ᠠ᠃ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ︽ | ᠠᠪᠤ ᠡᠵᠢ ᠶᠢᠨ ᠬᠠᠶᠢᠷ᠎ᠠ ᠰᠡᠳᠬᠢᠯᠭᠡ︾᠂ ︽︿ᠦᠬᠡᠢ ᠪᠠᠶᠢᠬᠤ﹀ ᠦᠷᠭᠦᠯᠵᠢ ᠬᠠᠶᠢᠷ᠎ᠠ ᠰᠡᠳᠬᠢᠯᠭᠡ ᠲᠠᠢ ᠪᠠᠷ | ᠲᠠᠨ ᠳᠤ ᠦᠢᠯᠡᠴᠢᠯᠡᠶ᠎ᠡ︾ ᠭᠡᠬᠦ ᠰᠢᠷᠢᠰ ᠤᠨᠴᠠᠯᠢᠬᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ | ᠥᠷᠨᠢᠭᠦᠯᠵᠦ᠂ ᠤᠷᠠᠨ ᠰᠠᠶᠢᠬᠠᠨ ᠤ ᠲᠣᠭᠯᠠᠯᠲᠠ᠂ ᠲᠣᠬᠤᠨᠢᠭᠤᠯᠤᠨ ᠬᠠᠶᠢᠷ᠎ᠠ ᠬᠠᠯᠠᠮᠵᠢ ᠬᠦᠷᠭᠡᠬᠦ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ | ᠵᠡᠷᠭᠡ ᠤᠯᠠᠨ ᠵᠦᠢᠯ ᠤᠨ ᠬᠡᠯᠪᠡᠷᠢ ᠶᠢᠨ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ | ᠵᠣᠬᠢᠶᠠᠨ ᠪᠠᠶᠢᠭᠤᠯᠵᠤ᠂ ᠲᠦᠮᠡ ᠰᠢᠬᠠᠮ ᠬᠥᠮᠦᠨ ᠳᠤ ᠠᠰᠢᠭ ᠬᠦᠷᠲᠡᠭᠡᠪᠡ᠃ | ᠪᠣᠳᠠᠲᠤ ᠶᠠᠪᠤᠳᠠᠯ ᠬᠢᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠲᠦᠮᠡᠨ ᠤ ᠠᠵᠠ ᠵᠢᠷᠭᠠᠯ ᠢ | ᠢᠯᠡᠳᠲᠡ ᠳᠡᠭᠡᠭᠰᠢᠯᠡᠭᠦᠯᠪᠡ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠶᠢ ᠪᠣᠳᠠᠲᠠᠶᠢᠵᠢᠭᠤᠯᠵᠤ᠂ | ᠬᠠᠪᠰᠤᠷᠤᠨ ᠲᠡᠳᠬᠦᠬᠦ ᠠᠵᠢᠯ ᠢ ᠴᠠᠭ ᠲᠤᠬᠠᠢ ᠳᠤᠨᠢ ᠥᠷᠨᠢᠭᠦᠯᠦᠨ᠎ᠡ᠃ ᠠᠷᠠᠳ ᠤᠨ ᠠᠮᠢᠳᠤᠷᠠᠯ ᠤᠨ ᠬᠤᠷᠢᠭ᠎ᠠ | ᠱᠤᠭᠤᠮ ᠢ ᠪᠠᠲᠤ ᠰᠠᠬᠢᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ᠂ ᠨᠠᠰᠤᠵᠢᠯ ᠤᠨ | ᠠᠰᠠᠷᠠᠮᠵᠢ ᠶᠢᠨ ᠦᠢᠯᠡᠰ ᠢ ᠯᠠᠪᠳᠠᠭᠤᠨ ᠢᠶᠠᠷ ᠠᠬᠢᠭᠤᠯᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠥᠨᠥᠴᠢᠨ ᠬᠡᠤᠬᠡᠳ ᠤᠨ ᠠᠮᠢᠳᠤᠷᠠᠯ ᠤᠨ ᠨᠥᠬᠦᠴᠡᠯ ᠢ ᠪᠠᠲᠤᠯᠠᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ | ᠪᠠᠲᠤᠯᠠᠵᠤ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ ᠶᠢ ᠪᠡᠶᠡᠯᠡᠭᠦᠯᠦᠨ᠎ᠡ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠠᠵᠢᠯ | ᠣᠯᠭᠤᠬᠤ ᠠᠷᠭ᠎ᠠ ᠵᠠᠮ ᠢ ᠥᠷᠭᠡᠳᠬᠡᠵᠦ᠂ ᠤᠢᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠤᠨᠢ ᠬᠦᠷᠴᠦ᠂ ᠭᠠᠵᠠᠷ | ᠣᠷᠣᠨ ᠠᠯᠤᠰᠯᠠᠨ 5000 ᠭᠠᠷᠤᠢ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠪᠠ᠃ | ᠲᠣᠷᠣᠢ ᠪᠠᠭᠤᠷᠠᠶ ᠰᠤᠯᠠ ᠵᠠᠳᠠᠭᠠᠶ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠢᠭᠰᠠᠭᠠᠨ ᠪᠠᠶᠢᠴᠠᠭᠠᠵᠤ | ᠴᠡᠭᠴᠡᠯᠡᠬᠦ ᠠᠵᠢᠯ ᠢ ᠭᠦᠨᠵᠡᠭᠡᠶ ᠨᠠᠷᠢᠨ ᠨᠢᠮᠪᠠᠶ ᠥᠷᠨᠢᠭᠦᠯᠵᠦ᠂ ᠨᠢᠭᠡ ᠨᠢᠭᠡ ᠪᠠᠷ ᠪᠠᠶᠢᠴᠠᠭᠠᠬᠤ᠂ ᠵᠦᠶ᠋ᠯ ᠳᠠᠷᠠᠭᠠᠯᠠᠨ | ᠪᠠᠶᠢᠴᠠᠭᠠᠬᠤ᠂ ᠵᠤᠷᠪᠤᠰ ᠳᠠᠷᠠᠭᠠᠯᠠᠨ ᠥᠭᠡᠷᠡᠴᠢᠯᠡᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠪᠥᠬᠦ ᠲᠠᠯ᠎ᠠ ᠪᠠᠷ ᠴᠠᠭᠠᠷᠠᠬᠤ ᠶᠢ ᠠᠬᠢᠭᠤᠯᠪᠠ᠃ ︽ᠥᠨᠳᠥᠷ ᠬᠡᠪ | ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ︾᠂ ︽ᠨᠢᠭᠡ ᠲᠣᠰᠬᠤᠨ ᠳᠤ ᠨᠢᠭᠡ ᠣᠶᠤᠲᠠᠨ︾ ᠵᠡᠷᠭᠡ | ᠴᠢᠳᠠᠪᠤᠷᠢᠲᠠᠨ ᠢ ᠬᠥᠮᠦᠵᠢᠭᠦᠯᠬᠦ ᠲᠥᠷᠥᠯ ᠵᠦᠢᠯ ᠢ ᠯᠠᠪᠳᠠᠭᠤᠨ ᠪᠠᠲᠤᠲᠠᠶ ᠠᠬᠢᠭᠤᠯᠵᠤ᠂ ︽ᠲᠤᠬᠠᠶᠢᠯᠠᠭᠰᠠᠨ | ᠠᠵᠢᠯ ᠤᠨ ᠵᠢᠯᠣᠭᠤᠳᠬᠤ ᠠᠵᠢᠯ ᠤᠨ ᠪᠠᠶᠢᠷᠢ ᠶᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ︾ ᠠᠷᠭ᠎ᠠ | ᠮᠠᠶ᠋ᠢᠭ ᠢ ᠠᠪᠴᠤ᠂ ᠡᠵᠡᠩᠨᠡᠯᠲᠡ ᠶᠢᠨ ᠴᠢᠳᠠᠪᠤᠷᠢᠲᠠᠨ᠂ ᠦᠢᠯᠡᠳᠪᠦᠷᠢᠯᠡᠯ ᠤᠨ ᠴᠢᠳᠠᠪᠤᠷᠢᠲᠠᠨ᠂ ᠠᠷᠠᠳ ᠤᠨ ᠵᠠᠩ | ᠦᠢᠯᠡ ᠶᠢᠨ ᠰᠣᠶᠣᠯ ᠤᠨ ᠤᠯᠠᠮᠵᠢᠯᠠᠭᠴᠢ ᠵᠡᠷᠭᠡ ︽ᠨᠤᠲᠤᠭ ᠤᠨ ᠲᠤᠰᠬᠠᠶ ᠮᠡᠷᠭᠡᠵᠢᠯᠲᠡᠨ︾᠂ ︽ᠲᠠᠷᠢᠶᠠᠨ | ᠭᠠᠵᠠᠷ ᠤᠨ ᠰᠣᠳᠣᠨ ᠴᠢᠳᠠᠪᠤᠷᠢᠲᠠᠨ︾᠂ ︽ᠨᠤᠲᠤᠭ ᠤᠨ ᠰᠢᠨ᠎ᠡ ᠶᠢ ᠡᠭᠦᠳᠦᠭᠴᠢ︾ ᠵᠡᠷᠭᠡ 50 ᠭᠠᠷᠤᠶ | ᠬᠥᠮᠦᠨ ᠢ ᠬᠥᠮᠦᠵᠢᠭᠦᠯᠦᠨ ᠨᠥᠭᠡᠴᠡᠯᠡᠵᠦ᠂ 176 ᠲᠣᠰᠬᠤᠨ ᠤ ᠱᠠᠲᠤᠨ ᠤ ᠪᠡᠯᠡᠳᠬᠡᠯ ᠺᠠᠳ᠋ᠷ ᠢ ᠬᠥᠳᠡᠯᠦᠩᠭᠦᠶ ᠪᠠᠷ | ᠨᠥᠭᠡᠴᠡᠯᠡᠵᠦ᠂ ᠬᠥᠳᠡᠭᠡ ᠲᠣᠰᠬᠤᠨ ᠤ ᠢᠷᠡᠭᠡᠳᠦᠶ ᠶᠢᠨ ᠦᠷᠭᠦᠯᠵᠢᠯᠡᠬᠦ ᠬᠥᠭᠵᠢᠯᠲᠡ ᠳᠤ ᠪᠠᠲᠤ ᠪᠠᠬᠢ | ᠴᠢᠳᠠᠪᠤᠷᠢᠲᠠᠨ ᠤ ᠰᠠᠭᠤᠷᠢ ᠶᠢ ᠲᠠᠯᠪᠢᠵᠤ ᠥᠭᠪᠡ᠃ |