2024 ᠣᠨ ᠤ ᠬᠠᠷᠠᠴᠢᠨ ᠬᠤᠰᠢᠭᠤᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠥᠳᠥᠨ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/9/4
2024 ᠣᠨ ᠤ ᠬᠠᠷᠠᠴᠢᠨ ᠬᠤᠰᠢᠭᠤᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠥᠳᠥᠨ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ  9 ᠰᠠᠷ᠎ᠠ ᠶᠢᠨ 5 ᠤ ᠡᠳᠦᠷ᠂ 2024 ᠣᠨ ᠤ ᠬᠠᠷᠠᠴᠢᠨ ᠬᠤᠰᠢᠭᠤᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠥᠳᠥᠨ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ ᠲᠣᠰ ᠤᠳᠠᠭᠠᠨ ᠤ ᠤᠷᠤᠯᠳᠤᠭᠠᠨ ᠳᠤ ᠪᠥᠬᠦ ᠬᠤᠰᠢᠭᠤᠨ ᠤ 29 ᠪᠠᠶᠢᠭᠤᠯᠭ᠎ᠠ ᠶᠢᠨ 25 ᠲᠥᠯᠥᠭᠡᠯᠡᠭᠴᠢᠳ ᠤᠨ ᠠᠩᠭᠢ ᠶᠢᠨ ᠨᠡᠶᠢᠲᠡ 150 ᠥᠳᠥᠨ ᠪᠥᠮᠪᠥᠭᠡᠨ ᠳᠤ ᠪᠠᠭ᠋ᠠᠲᠠᠶ ᠬᠥᠮᠦᠰ ᠢ ᠣᠷᠣᠯᠴᠠᠭᠤᠯᠵᠤ᠂ ᠲᠡᠳᠡ ᠪᠣᠳᠠᠲᠤ ᠠᠵᠢᠯᠯᠠᠭ᠎ᠠ ᠪᠠᠷ ᠢᠶᠠᠨ ︽ᠨᠥᠬᠦᠷᠯᠡᠯ ᠨᠢᠭᠡᠳᠦᠭᠡᠷ᠂ ᠤᠷᠤᠯᠳᠤᠭᠠᠨ ᠬᠤᠶᠠᠳᠤᠭᠠᠷ︾ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠬᠠᠮᠲᠤ ᠪᠠᠷ ᠦᠵᠡᠭᠴᠢᠳ ᠲᠤ ᠨᠢᠭᠡ ᠤᠳᠠᠭᠠᠨ ᠤ ᠭᠠᠢᠬᠠᠢᠯᠲᠠᠢ ᠰᠠᠶᠢᠬᠠᠨ ᠥᠳᠥᠨ ᠪᠦᠮᠪᠦᠭᠡᠨ ᠦ ᠤᠷᠤᠯᠳᠤᠭᠠᠨ ᠶᠠᠪᠤᠭᠳᠠᠭᠤᠯᠪᠠ᠃ ᠤᠷᠤᠯᠳᠤᠭᠠᠨ ᠤ ᠲᠥᠷᠥᠯ ᠵᠦᠢᠯ ᠢ ᠬᠠᠮᠲᠤ ᠶᠢᠨ ᠤᠷᠤᠯᠳᠤᠭᠠᠨ ᠪᠣᠯᠭᠠᠨ ᠲᠣᠬᠢᠷᠠᠭᠤᠯᠵᠤ᠂ ᠡᠷᠡᠭᠲᠡᠶ ᠶᠢᠨ ᠬᠤᠣᠰᠯᠠᠯ ᠤᠷᠤᠯᠳᠤᠭᠠᠨ᠂ ᠡᠮᠡᠭᠲᠡᠶ ᠶᠢᠨ ᠬᠤᠤᠰᠯᠠᠯ ᠵᠢᠴᠢ ᠡᠷᠡᠭᠲᠡᠢ ᠡᠮᠡᠭᠲᠡᠶ ᠶᠢᠨ ᠬᠤᠣᠰᠯᠠᠯ ᠭᠤᠷᠪᠠᠨ ᠲᠥᠷᠥᠯ ᠢ ᠬᠠᠮᠤᠷᠴᠤ᠂ ᠤᠷᠤᠯᠳᠤᠭᠠᠨ ᠳᠤ ᠣᠷᠣᠯᠴᠠᠬᠤ ᠠᠩᠭᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠪᠠᠶᠢᠯᠳᠤᠬᠤ ᠠᠷᠭ᠎ᠠ ᠶᠢᠨ ᠬᠠᠮᠵᠢᠯᠴᠠᠭ᠎ᠠ ᠶᠢ ᠪᠦᠬᠦ ᠲᠠᠯ᠎ᠠ ᠪᠠᠷ ᠰᠢᠯᠭᠠᠪᠠ᠃  ᠬᠤᠶᠠᠷ ᠡᠳᠦᠷ ᠤᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠰᠤᠷᠭᠠᠨ ᠬᠥᠮᠦᠵᠢᠯ ᠤᠨ ᠬᠤᠯᠪᠣᠭᠠᠲᠤ ᠠᠩᠭᠢ ᠶᠢᠨ ᠲᠥᠯᠥᠭᠡᠯᠡᠭᠴᠢᠳ ᠤᠨ ᠠᠩᠭᠢ ᠭᠠᠷᠮᠠᠭᠠᠶ ᠮᠡᠷᠭᠡᠵᠢᠯ ᠤᠨ ᠪᠠᠶᠢᠯᠳᠤᠬᠤ ᠠᠷᠭ᠎ᠠ ᠶᠢᠨ ᠬᠢᠷᠢ ᠲᠦᠪᠰᠢᠨ ᠪᠠ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠪᠠᠷ ᠴᠣᠯᠭᠤᠷᠠᠨ ᠭᠠᠷᠴᠤ᠂ ᠡᠴᠦᠰ ᠲᠡᠭᠡᠨ ᠮᠠᠩᠯᠠᠶ ᠲᠤᠩᠭᠠᠵᠤ᠂ ᠴᠠᠬᠢᠯᠭᠠᠨ ᠬᠠᠩᠭᠠᠬᠤ ᠺᠣᠮᠫᠠᠨᠢ ᠶᠢᠨ ᠲᠥᠯᠥᠭᠡᠯᠡᠭᠴᠢᠳ ᠤᠨ ᠠᠩᠭᠢ ᠳᠡᠳ᠋ᠯᠡᠵᠦ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠭᠤᠷᠪᠠᠳᠤᠭᠠᠷ ᠠᠩᠭᠢ ᠶᠢᠨ ᠲᠥᠯᠥᠭᠡᠯᠡᠭᠴᠢᠳ ᠤᠨ ᠠᠩᠭᠢ ᠳᠥᠷᠪᠡᠳᠦᠭᠡᠷ ᠲᠤ ᠣᠷᠣᠭᠰᠠᠨ ᠰᠠᠶᠢᠨ ᠬᠢᠷᠢ ᠪᠦᠲᠦᠮᠵᠢ ᠶᠢ ᠣᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠢᠨᠱᠠᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠠᠩᠭᠢ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠨᠢᠭᠡᠳᠦᠭᠡᠷ ᠠᠩᠭᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠣᠷᠳᠣᠨ ᠤ ᠠᠯᠪᠠᠨ ᠭᠡᠷ ᠵᠡᠷᠭᠡ 5 ᠲᠥᠯᠥᠭᠡᠯᠡᠭᠴᠢᠳ ᠤᠨ ᠠᠩᠭᠢ ᠰᠢᠯᠢᠳᠡᠭ ᠱᠠᠩᠨᠠᠯ ᠭᠥᠷᠳᠡᠪᠡ᠃ ᠡᠳᠡᠭᠡᠷ ᠢᠷᠠᠭᠤ ᠠᠯᠳᠠᠷ ᠨᠢ ᠲᠡᠳᠡᠨ ᠤ ᠬᠤᠪᠢ ᠬᠥᠮᠦᠨ ᠤ ᠴᠢᠳᠠᠪᠤᠷᠢ ᠶᠢ ᠮᠡᠳᠡᠷᠡᠵᠦ ᠪᠠᠶᠢᠬᠤ ᠪᠠᠷ ᠪᠠᠷᠠᠬᠤ ᠦᠭᠡᠢ᠂ ᠨᠡᠩ ᠴᠤ ᠲᠡᠳᠡᠨ ᠤ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠭ᠎ᠠ ᠶᠠᠪᠤᠳᠠᠯ ᠪᠣᠯᠤᠨ᠎ᠠ᠃  ᠲᠣᠰ ᠤᠳᠠᠭᠠᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠥᠳᠥᠨ ᠪᠥᠮᠪᠦᠭᠡ ᠶᠢᠨ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠥᠳᠥᠨ ᠪᠥᠮᠪᠥᠭᠡᠨ ᠳᠤ ᠪᠠᠭ᠋ᠠᠲᠠᠶ ᠬᠥᠮᠦᠰ ᠲᠤ ᠥᠪᠡᠷ ᠢ ᠪᠠᠨ ᠳᠡᠯᠭᠡᠨ ᠦᠵᠡᠭᠦᠯᠬᠦ᠂ ᠤᠷ᠎ᠠ ᠮᠡᠷᠭᠡᠵᠢᠯ ᠢᠶᠠᠨ ᠰᠣᠯᠢᠯᠴᠠᠬᠤ ᠲᠠᠪᠴᠠᠩ ᠢ ᠬᠠᠩᠭᠠᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠶᠢ ᠨᠠᠩ ᠬᠥᠭᠵᠢᠭᠡᠵᠦ᠂ ᠬᠠᠮᠲᠤ ᠶᠢᠨ ᠢᠷᠠᠭᠤ ᠠᠯᠳᠠᠷ ᠤᠨ ᠰᠡᠳᠬᠢᠯᠭᠡ ᠪᠠ ᠨᠢᠭᠲᠠᠷᠠᠯ ᠤᠨ ᠬᠦᠴᠦᠨ ᠢ ᠨᠡᠮᠡᠭᠳᠡᠭᠦᠯᠵᠦ᠂ ᠪᠥᠬᠦ ᠬᠤᠰᠢᠭᠤᠨ ᠤ ᠠᠵᠢᠯᠲᠠᠨ ᠠᠵᠢᠯᠴᠢᠨ ᠢ ᠨᠠᠩ ᠣᠷᠭᠢᠯᠤᠮ᠎ᠠ ᠬᠠᠯᠠᠭᠤᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠠᠷᠠᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠠᠶᠠᠯᠠᠯ ᠳᠤ ᠣᠷᠣᠯᠴᠠᠭᠤᠯᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号