9 ᠰᠠᠷ᠎ᠠ ᠶᠢᠨ 5 ᠤ ᠡᠳᠦᠷ᠂ ᠵᠢᠨᠱᠠᠨ ᠨᠠᠭᠤᠷ ᠤᠨ ᠬᠥᠪᠡᠭᠡᠨ ᠤ ᠪᠡᠶ᠎ᠡ ᠶᠢᠨ ᠲᠠᠮᠢᠷ ᠤᠨ ᠣᠷᠳᠣᠨ ᠳᠣᠲᠣᠷᠠᠬᠢ | ᠬᠠᠮᠤᠭ ᠰᠡᠭᠦᠯᠴᠢ ᠶᠢᠨ ᠤᠷᠤᠯᠳᠤᠭᠠᠨ ᠤ ᠱᠦᠭᠯᠦ ᠳᠤᠤᠭᠠᠷᠬᠤ ᠶᠢ ᠳᠠᠭᠠᠯᠳᠤᠨ᠂ ᠬᠤᠶᠠᠷ ᠡᠳᠦᠷ ᠤᠨ | ᠬᠤᠭᠤᠴᠠᠭ᠎ᠠ ᠲᠠᠢ 2024 ᠣᠨ ᠤ ᠬᠠᠷᠠᠴᠢᠨ ᠬᠤᠰᠢᠭᠤᠨ ᠤ ︽ᠠᠵᠢᠯᠲᠠᠨ ᠠᠵᠢᠯᠴᠢᠨ ᠤ ᠬᠤᠨᠳᠠᠭᠠᠲᠤ︾ | ᠥᠳᠥᠨ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ ᠲᠣᠰ ᠤᠳᠠᠭᠠᠨ ᠤ | ᠤᠷᠤᠯᠳᠤᠭᠠᠨ ᠳᠤ ᠪᠥᠬᠦ ᠬᠤᠰᠢᠭᠤᠨ ᠤ 29 ᠪᠠᠶᠢᠭᠤᠯᠭ᠎ᠠ ᠶᠢᠨ 25 ᠲᠥᠯᠥᠭᠡᠯᠡᠭᠴᠢᠳ ᠤᠨ ᠠᠩᠭᠢ ᠶᠢᠨ ᠨᠡᠶᠢᠲᠡ | 150 ᠥᠳᠥᠨ ᠪᠥᠮᠪᠥᠭᠡᠨ ᠳᠤ ᠪᠠᠭ᠋ᠠᠲᠠᠶ ᠬᠥᠮᠦᠰ ᠢ ᠣᠷᠣᠯᠴᠠᠭᠤᠯᠵᠤ᠂ ᠲᠡᠳᠡ ᠪᠣᠳᠠᠲᠤ ᠠᠵᠢᠯᠯᠠᠭ᠎ᠠ ᠪᠠᠷ ᠢᠶᠠᠨ ︽ | ᠨᠥᠬᠦᠷᠯᠡᠯ ᠨᠢᠭᠡᠳᠦᠭᠡᠷ᠂ ᠤᠷᠤᠯᠳᠤᠭᠠᠨ ᠬᠤᠶᠠᠳᠤᠭᠠᠷ︾ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠤ | ᠂ ᠬᠠᠮᠲᠤ ᠪᠠᠷ ᠦᠵᠡᠭᠴᠢᠳ ᠲᠤ ᠨᠢᠭᠡ ᠤᠳᠠᠭᠠᠨ ᠤ ᠭᠤᠶᠢᠳᠠ ᠰᠠᠶᠢᠬᠠᠨ ᠥᠳᠥᠨ ᠪᠥᠮᠪᠦᠭᠡ ᠬᠢᠵᠦ ᠥᠭᠪᠡ᠃ | ᠤᠷᠤᠯᠳᠤᠭᠠᠨ ᠤ ᠲᠥᠷᠥᠯ ᠵᠦᠢᠯ ᠢ ᠬᠠᠮᠲᠤ ᠶᠢᠨ ᠤᠷᠤᠯᠳᠤᠭᠠᠨ ᠪᠣᠯᠭᠠᠨ ᠲᠣᠬᠢᠷᠠᠭᠤᠯᠵᠤ᠂ ᠡᠷᠡᠭᠲᠡᠶ ᠶᠢᠨ ᠬᠤᠣᠰᠯᠠᠯ | ᠤᠷᠤᠯᠳᠤᠭᠠᠨ᠂ ᠡᠮᠡᠭᠲᠡᠶ ᠶᠢᠨ ᠬᠤᠤᠰᠯᠠᠯ ᠵᠢᠴᠢ ᠡᠷᠡᠭᠲᠡᠢ ᠡᠮᠡᠭᠲᠡᠶ ᠶᠢᠨ ᠬᠤᠣᠰᠯᠠᠯ ᠭᠤᠷᠪᠠᠨ ᠲᠥᠷᠥᠯ ᠢ ᠬᠠᠮᠤᠷᠴᠤ᠂ | ᠤᠷᠤᠯᠳᠤᠭᠠᠨ ᠳᠤ ᠣᠷᠣᠯᠴᠠᠬᠤ ᠠᠩᠭᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠪᠠᠶᠢᠯᠳᠤᠬᠤ ᠠᠷᠭ᠎ᠠ ᠶᠢᠨ | ᠬᠠᠮᠵᠢᠯᠴᠠᠭ᠎ᠠ ᠶᠢ ᠪᠦᠬᠦ ᠲᠠᠯ᠎ᠠ ᠪᠠᠷ ᠰᠢᠯᠭᠠᠬᠤ ᠶᠢᠨ ᠲᠥᠯᠥᠭᠡ ᠶᠤᠮ᠃ | ᠬᠤᠶᠠᠷ ᠡᠳᠦᠷ ᠤᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠰᠤᠷᠭᠠᠨ ᠬᠥᠮᠦᠵᠢᠯ ᠤᠨ | ᠬᠤᠯᠪᠣᠭᠠᠲᠤ ᠠᠩᠭᠢ ᠶᠢᠨ ᠲᠥᠯᠥᠭᠡᠯᠡᠭᠴᠢᠳ ᠤᠨ ᠠᠩᠭᠢ ᠭᠠᠷᠮᠠᠭᠠᠶ ᠮᠡᠷᠭᠡᠵᠢᠯ ᠤᠨ ᠪᠠᠶᠢᠯᠳᠤᠬᠤ ᠠᠷᠭ᠎ᠠ ᠶᠢᠨ ᠬᠢᠷᠢ | ᠲᠦᠪᠰᠢᠨ ᠪᠠ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠪᠠᠷ ᠴᠣᠯᠭᠤᠷᠠᠨ ᠭᠠᠷᠴᠤ᠂ ᠡᠴᠦᠰ ᠲᠡᠭᠡᠨ ᠮᠠᠩᠯᠠᠶ | ᠲᠤᠩᠭᠠᠵᠤ᠂ ᠴᠠᠬᠢᠯᠭᠠᠨ ᠬᠠᠩᠭᠠᠬᠤ ᠺᠣᠮᠫᠠᠨᠢ ᠶᠢᠨ ᠲᠥᠯᠥᠭᠡᠯᠡᠭᠴᠢᠳ ᠤᠨ ᠠᠩᠭᠢ ᠳᠡᠳ᠋ᠯᠡᠵᠦ᠂ ᠢᠲᠡᠭᠡᠮᠵᠢ ᠶᠢᠨ | ᠬᠤᠯᠪᠣᠭᠠᠲᠤ ᠬᠤᠷᠰᠢᠶ᠎ᠠ ᠶᠢᠨ ᠭᠤᠷᠪᠠᠳᠤᠭᠠᠷ ᠠᠩᠭᠢ ᠶᠢᠨ ᠲᠥᠯᠥᠭᠡᠯᠡᠭᠴᠢᠳ ᠤᠨ ᠠᠩᠭᠢ ᠨᠤᠭᠤᠷᠠᠰᠢ ᠦᠭᠡᠢ ᠵᠣᠷᠢᠭ | ᠰᠠᠨᠠᠭ᠎ᠠ ᠪᠠ ᠲᠣᠭᠲᠠᠭᠤᠨ ᠪᠠᠳᠠᠷᠠᠭᠤᠯᠤᠯᠲᠠ ᠪᠠᠷ ᠳᠥᠷᠪᠡᠳᠦᠭᠡᠷ ᠲᠤ ᠣᠷᠣᠭᠰᠠᠨ ᠰᠠᠶᠢᠨ ᠬᠢᠷᠢ ᠪᠦᠲᠦᠮᠵᠢ ᠶᠢ | ᠣᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠢᠨᠱᠠᠨ | ᠳᠤᠮᠳᠠᠳᠤ ᠰᠤᠷᠭᠠᠭᠤᠯᠢ ᠶᠢᠨ ᠨᠢᠭᠡᠳᠦᠭᠡᠷ ᠠᠩᠭᠢ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠨᠢᠭᠡᠳᠦᠭᠡᠷ | ᠠᠩᠭᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠣᠷᠳᠣᠨ ᠤ ᠡᠷᠬᠢᠯᠡᠭᠰᠡᠨ 5 | ᠲᠥᠯᠥᠭᠡᠯᠡᠭᠴᠢᠳ ᠤᠨ ᠠᠩᠭᠢ ᠰᠢᠯᠢᠳᠡᠭ ᠱᠠᠩᠨᠠᠯ ᠭᠥᠷᠳᠡᠪᠡ᠃ |