2024 ᠣᠨ ᠤ ᠬᠠᠷᠠᠴᠢᠨ ᠬᠤᠰᠢᠭᠤᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠥᠳᠥᠨ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ ︵ᠬᠤᠶᠠᠷ︶
ᠨᠡᠶᠢᠲᠡᠯᠡᠭᠰᠡᠨ ᠴᠠᠭ᠄
2024/9/5
   ᠡᠳᠡᠭᠡᠷ ᠢᠷᠠᠭᠤ ᠠᠯᠳᠠᠷ ᠨᠢ ᠲᠡᠳᠡᠨ ᠤ ᠬᠤᠪᠢ ᠬᠥᠮᠦᠨ ᠤ ᠴᠢᠳᠠᠪᠤᠷᠢ ᠶᠢ ᠮᠡᠳᠡᠷᠡᠵᠦ ᠪᠠᠶᠢᠬᠤ ᠪᠠᠷ ᠪᠠᠷᠠᠬᠤ ᠦᠭᠡᠢ᠂ ᠨᠡᠩ ᠴᠤ ᠲᠡᠳᠡᠨ ᠤ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠭ᠎ᠠ ᠶᠠᠪᠤᠳᠠᠯ ᠪᠣᠯᠤᠨ᠎ᠠ᠃   ᠲᠣᠰ ᠤᠳᠠᠭᠠᠨ ᠤ ︽ᠠᠵᠢᠯᠲᠠᠨ ᠠᠵᠢᠯᠴᠢᠨ ᠤ ᠬᠤᠨᠳᠠᠭᠠᠲᠤ︾ ᠥᠳᠥᠨ ᠪᠥᠮᠪᠦᠭᠡ ᠶᠢᠨ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠥᠳᠥᠨ ᠪᠥᠮᠪᠥᠭᠡᠨ ᠳᠤ ᠪᠠᠭ᠋ᠠᠲᠠᠶ ᠬᠥᠮᠦᠰ ᠲᠤ ᠥᠪᠡᠷ ᠢ ᠪᠠᠨ ᠳᠡᠯᠭᠡᠨ ᠦᠵᠡᠭᠦᠯᠬᠦ᠂ ᠤᠷ᠎ᠠ ᠮᠡᠷᠭᠡᠵᠢᠯ ᠢᠶᠠᠨ ᠰᠣᠯᠢᠯᠴᠠᠬᠤ ᠲᠠᠪᠴᠠᠩ ᠢ ᠬᠠᠩᠭᠠᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠶᠢ ᠨᠠᠩ ᠬᠥᠭᠵᠢᠭᠡᠵᠦ᠂ ᠬᠠᠮᠲᠤ ᠶᠢᠨ ᠢᠷᠠᠭᠤ ᠠᠯᠳᠠᠷ ᠤᠨ ᠰᠡᠳᠬᠢᠯᠭᠡ ᠪᠠ ᠨᠢᠭᠲᠠᠷᠠᠯ ᠤᠨ ᠬᠦᠴᠦᠨ ᠢ ᠨᠡᠮᠡᠭᠳᠡᠭᠦᠯᠵᠦ᠂ ᠪᠥᠬᠦ ᠬᠤᠰᠢᠭᠤᠨ ᠤ ᠠᠵᠢᠯᠲᠠᠨ ᠠᠵᠢᠯᠴᠢᠨ ᠢ ᠨᠠᠩ ᠣᠷᠭᠢᠯᠤᠮ᠎ᠠ ᠬᠠᠯᠠᠭᠤᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠠᠷᠠᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠠᠶᠠᠯᠠᠯ ᠳᠤ ᠣᠷᠣᠯᠴᠠᠭᠤᠯᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号