ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ᠄ ︽ᠭᠤᠷᠪᠠ ᠶᠢ ᠲᠥᠪᠯᠡᠷᠡᠭᠦᠯᠬᠦ︾ ᠪᠠᠷ ︽ᠵᠢᠷᠭᠤᠭ᠎ᠠ ᠶᠢ ᠪᠠᠶᠢᠴᠠᠭᠠᠵᠤ ᠵᠢᠷᠭᠤᠭ᠎ᠠ ᠶᠢ ᠦᠵᠡᠬᠦ︾ ᠰᠠᠬᠢᠯᠭ᠎ᠠ ᠪᠠᠲᠤ ᠣᠪᠣᠷ ᠰᠤᠷᠲᠠᠯ ᠢ ᠪᠠᠬᠢᠵᠢᠭᠦᠯᠬᠦ ᠠᠵᠢᠯᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/9/6
ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ᠄ ︽ᠭᠤᠷᠪᠠ ᠶᠢ ᠲᠥᠪᠯᠡᠷᠡᠭᠦᠯᠬᠦ︾ ᠪᠠᠷ ︽ᠵᠢᠷᠭᠤᠭ᠎ᠠ ᠶᠢ ᠪᠠᠶᠢᠴᠠᠭᠠᠵᠤ ᠵᠢᠷᠭᠤᠭ᠎ᠠ ᠶᠢ ᠦᠵᠡᠬᠦ︾ ᠰᠠᠬᠢᠯᠭ᠎ᠠ ᠪᠠᠲᠤ ᠣᠪᠣᠷ ᠰᠤᠷᠲᠠᠯ ᠢ ᠪᠠᠬᠢᠵᠢᠭᠦᠯᠬᠦ ᠠᠵᠢᠯᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ  ︽ᠵᠢᠷᠭᠤᠭ᠎ᠠ ᠶᠢ ᠪᠠᠶᠢᠴᠠᠭᠠᠵᠤ ᠵᠢᠷᠭᠤᠭ᠎ᠠ ᠶᠢ ᠦᠵᠡᠬᠦ︾ ᠰᠠᠬᠢᠯᠭ᠎ᠠ ᠪᠠᠲᠤ ᠣᠪᠣᠷ ᠰᠤᠷᠲᠠᠯ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠨᠠᠷᠢᠨ ᠬᠢᠨᠠᠮᠠᠭᠠᠶ ᠲᠥᠯᠥᠪᠵᠢᠭᠦᠯᠦᠨ ᠪᠠᠶᠢᠷᠢᠯᠠᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠠᠬᠢᠯᠭ᠎ᠠ ᠪᠠᠲᠤ ᠣᠪᠣᠷ ᠰᠤᠷᠲᠠᠯ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠠᠮᠵᠢᠯᠲᠠ ᠪᠦᠲᠦᠮᠵᠢ ᠤᠯᠬᠤ ᠶᠢ ᠠᠬᠢᠭᠤᠯᠪᠠ᠃  ᠠᠵᠢᠯᠯᠠᠭ᠎ᠠ ᠶᠢᠨ ᠲᠥᠰᠦᠯ ᠢ ᠲᠦᠷᠭᠡᠨ ᠪᠥᠭᠡᠳ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃  ᠨᠢᠭᠡ ᠳᠤ᠂ ᠪᠥᠬᠦ ᠬᠤᠰᠢᠭᠤᠨ ᠤ ︽ᠵᠢᠷᠭᠤᠭ᠎ᠠ ᠶᠢ ᠪᠠᠶᠢᠴᠠᠭᠠᠵᠤ ᠵᠢᠷᠭᠤᠭ᠎ᠠ ᠶᠢ ᠦᠵᠡᠬᠦ︾ ᠰᠠᠬᠢᠯᠭ᠎ᠠ ᠪᠠᠲᠤ ᠣᠪᠣᠷ ᠰᠤᠷᠲᠠᠯ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠰᠠᠨ ᠤ ᠳᠠᠷᠠᠭ᠎ᠠ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠦᠳᠲᠡᠷ ᠲᠦᠷᠭᠡᠨ ᠬᠤᠷᠠᠯᠳᠤᠭᠤᠯᠵᠤ᠂ ᠪᠥᠬᠦ ᠬᠤᠰᠢᠭᠤᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠵᠢᠷᠭᠤᠭ᠎ᠠ ᠶᠢ ᠪᠠᠶᠢᠴᠠᠭᠠᠵᠤ ᠵᠢᠷᠭᠤᠭ᠎ᠠ ᠶᠢ ᠦᠵᠡᠬᠦ︾ ᠰᠠᠬᠢᠯᠭ᠎ᠠ ᠪᠠᠲᠤ ᠣᠪᠣᠷ ᠰᠤᠷᠲᠠᠯ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠵᠤ᠂ ᠠᠵᠢᠯ ᠤᠨ ᠲᠥᠰᠦᠯ᠂ ᠰᠤᠷᠤᠯᠴᠠᠯᠭ᠎ᠠ ᠶᠢᠨ ᠲᠥᠯᠥᠪᠯᠡᠭᠡ ᠶᠢ ᠲᠣᠭᠲᠠᠭᠠᠨ ᠨᠠᠷᠢᠯᠢᠬᠵᠢᠭᠤᠯᠵᠤ᠂ ᠡᠯ᠎ᠡ ᠬᠠᠷᠢᠶ᠎ᠠ ᠨᠠᠮ ᠤᠨ ᠡᠭᠦᠷ ᠵᠡᠷᠭᠡ ᠪᠠᠷ ᠳᠠᠶᠢᠴᠢᠯᠠᠯᠲᠠ ᠪᠠᠶᠢᠷᠢᠯᠠᠭᠤᠯᠤᠯᠲᠠ ᠬᠢᠪᠠ᠃ ᠬᠤᠶᠠᠷ ᠲᠤ᠂ ᠵᠠᠩᠭᠢᠯᠠᠭ᠎ᠠ ᠠᠴᠠ ᠳᠡᠭᠡᠭᠰᠢᠬᠢ ᠺᠠᠳ᠋ᠷᠴᠤᠳ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ︽ᠵᠢᠷᠭᠤᠭ᠎ᠠ ᠶᠢ ᠪᠠᠶᠢᠴᠠᠭᠠᠵᠤ ᠵᠢᠷᠭᠤᠭ᠎ᠠ ᠶᠢ ᠦᠵᠡᠬᠦ︾ ᠰᠠᠬᠢᠯᠭ᠎ᠠ ᠪᠠᠲᠤ ᠣᠪᠣᠷ ᠰᠤᠷᠲᠠᠯ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠠᠵᠢᠯᠯᠠᠭ᠎ᠠ ᠶᠢᠨ ᠬᠠᠷᠠᠯᠲᠠ ᠡᠭᠦᠷᠭᠡ ᠳᠤ ᠳᠠᠬᠢᠨ ᠳᠠᠶᠢᠴᠢᠯᠠᠯᠲᠠ ᠬᠢᠵᠦ ᠳᠠᠬᠢᠨ ᠪᠠᠶᠢᠷᠢᠯᠠᠭᠤᠯᠤᠯᠲᠠ ᠬᠢᠵᠦ᠂ ᠺᠠᠳ᠋ᠷ ᠤᠨ ᠦᠵᠡᠯ ᠰᠠᠨᠠᠭ᠎ᠠ ᠲᠠᠨᠢᠯᠲᠠ ᠶᠢ ᠳᠡᠭᠡᠭᠰᠢᠯᠡᠭᠦᠯᠦᠨ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠎ᠠ᠃ ᠭᠤᠷᠪᠠ ᠳᠤ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠪᠣᠯᠤᠨ ᠨᠠᠮ ᠤᠨ ᠭᠡᠰᠢᠭᠦᠨ ᠺᠠᠳ᠋ᠷ ᠤᠨ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠬᠡᠷᠡᠭᠵᠢᠭᠦᠯᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠲᠠᠢ ᠤᠶᠠᠯᠳᠤᠭᠤᠯᠵᠤ᠂ ᠪᠦᠬᠦ ᠶᠠᠪᠤᠴᠠ ᠪᠦᠬᠦ ᠲᠠᠯ᠎ᠠ ᠪᠦᠬᠦ ᠭᠤᠭᠴᠤᠭ᠎ᠠ ᠪᠠᠷ ᠳᠠᠭᠠᠬᠤ ᠶᠢ ᠪᠠᠷᠢᠮᠲᠠᠯᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠱᠠᠯᠠᠪᠳᠠᠭᠤᠯᠤᠨ ᠰᠠᠨᠠᠭᠤᠯᠵᠤ᠂ ︽ᠵᠢᠷᠭᠤᠭ᠎ᠠ ᠶᠢ ᠪᠠᠶᠢᠴᠠᠭᠠᠵᠤ ᠵᠢᠷᠭᠤᠭ᠎ᠠ ᠶᠢ ᠦᠵᠡᠬᠦ︾ ᠰᠠᠬᠢᠯᠭ᠎ᠠ ᠪᠠᠲᠤ ᠣᠪᠣᠷ ᠰᠤᠷᠲᠠᠯ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃  ᠰᠤᠷᠤᠯᠴᠠᠬᠤ᠂ ᠶᠠᠷᠢᠬᠤ᠂ ᠠᠵᠢᠯᠯᠠᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢ ᠰᠡᠳᠬᠢᠯ ᠲᠠᠯᠪᠢᠨ ᠬᠢᠬᠦ ᠶᠢ ᠠᠬᠢᠭᠤᠯᠤᠨ᠎ᠠ  ᠨᠢᠭᠡ ᠳᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠪᠠ᠃ ᠨᠠᠮ ᠤᠨ ᠤᠳᠤᠷᠢᠳᠬᠤ ᠳᠤᠭᠤᠶᠢᠯᠠᠩ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠨᠢᠭᠡᠳᠦᠭᠡᠷ ᠵᠥᠪᠯᠡᠬᠦ ᠰᠡᠳᠦᠪ᠂ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠵᠡᠷᠭᠡ ᠬᠡᠯᠪᠡᠷᠢ ᠶᠢ ᠠᠪᠴᠤ᠂ ᠤᠷᠢᠳ ᠢᠶᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠰᠠᠬᠢᠯᠭ᠎ᠠ ᠪᠠᠲᠤ ᠶᠢ ᠰᠤᠷᠤᠯᠴᠠᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠡᠯ᠎ᠡ ᠨᠠᠮ ᠤᠨ ᠡᠭᠦᠷ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠬᠡᠯᠪᠡᠷᠢ ᠶᠢ ᠭᠦᠢᠴᠡᠳ ᠠᠰᠢᠭᠯᠠᠵᠤ᠂ ᠨᠠᠮ ᠤᠨ ᠰᠠᠬᠢᠯᠭ᠎ᠠ ᠪᠠᠲᠤ ᠶᠢ ᠨᠠᠷᠢᠨ ᠬᠢᠨᠠᠮᠠᠭᠠᠢ ᠰᠤᠷᠤᠯᠴᠠᠵᠤ᠂ ᠰᠠᠬᠢᠯᠭ᠎ᠠ ᠪᠠᠲᠤ ᠶᠢ ᠰᠤᠷᠤᠯᠴᠠᠬᠤ ᠭᠦᠨ ᠵᠤᠵᠠᠭᠠᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ ᠬᠤᠶᠠᠷ ᠲᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠷᠢᠪᠠ᠃ ᠰᠤᠷᠤᠯᠴᠠᠬᠤ ᠳᠤ ᠰᠡᠳᠬᠢᠮᠵᠢ ᠲᠠᠢ᠂ ᠰᠤᠷᠤᠯᠴᠠᠬᠤ ᠳᠤ ᠬᠡᠷᠡᠭᠴᠡᠭᠡ ᠲᠠᠢ ᠪᠠᠶᠢᠬᠤ ᠶᠢ ᠪᠣᠳᠣᠯᠬᠢᠯᠠᠵᠤ᠂ ᠪᠠᠶᠢᠭᠤᠯᠤᠯᠭ᠎ᠠ ᠶᠢᠨ ᠨᠠᠮ ᠤᠨ ᠶᠡᠷᠦᠩᠬᠡᠢ ᠡᠭᠦᠷ ᠤᠨ ᠬᠢᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ︽ᠵᠢᠷᠭᠤᠭ᠎ᠠ ᠶᠢ ᠪᠠᠶᠢᠴᠠᠭᠠᠵᠤ ᠵᠢᠷᠭᠤᠭ᠎ᠠ ᠶᠢ ᠦᠵᠡᠬᠦ︾ ᠶᠢᠨ ᠲᠣᠭᠤᠷᠢᠨ ᠳᠤ ᠭᠦᠨᠵᠡᠭᠡᠢ ᠰᠤᠷᠤᠯᠴᠠᠨ ᠰᠣᠯᠢᠯᠴᠠᠵᠤ᠂ ᠣᠯᠤᠯᠲᠠ ᠲᠦᠷᠦᠭᠳᠡᠯ ᠢᠶᠠᠨ ᠬᠤᠪᠢᠶᠠᠯᠴᠠᠵᠤ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠳᠡᠭᠡᠭᠰᠢᠯᠡᠯᠲᠡ ᠲᠠᠢ᠂ ᠤᠶᠤᠨ ᠰᠠᠨᠠᠭᠠᠨ ᠤ ᠳᠦᠷᠰᠦ ᠪᠠᠶᠢᠳᠠᠯ ᠤᠨ ᠲᠠᠯ᠎ᠠ ᠪᠠᠷ ᠡᠷᠴᠢᠯᠡᠯᠲᠡ ᠲᠠᠢ᠂ ᠠᠵᠢᠯ ᠤᠨ ᠲᠦᠪᠰᠢᠨ ᠤ ᠲᠠᠯ᠎ᠠ ᠪᠠᠷ ᠳᠡᠭᠡᠭᠰᠢᠯᠡᠯᠲᠡ ᠲᠠᠢ ᠪᠣᠯᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠭᠤᠷᠪᠠ ᠳᠤ ᠰᠤᠷᠴᠤ ᠬᠡᠷᠡᠭᠯᠡᠬᠦ ᠶᠢ ᠤᠶᠠᠯᠳᠤᠭᠤᠯᠬᠤ ᠬᠡᠷᠡᠭᠲᠡᠶ᠃ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠪᠠ ᠡᠳᠦᠷ ᠲᠤᠲᠤᠮ ᠤᠨ ᠠᠵᠢᠯ ᠤᠨ ︽ᠬᠤᠶᠠᠷ ᠢ ᠰᠠᠭᠠᠲᠠᠭᠠᠬᠤ ᠥᠬᠡᠶ᠂ ᠬᠤᠶᠠᠷ ᠢ ᠠᠬᠢᠭᠤᠯᠬᠤ︾ ᠶᠢ ᠪᠠᠷᠢᠮᠲᠠᠯᠠᠵᠤ᠂ ᠠᠵᠢᠯ ᠤᠨ ᠦᠶ᠋ᠯᠡᠳᠦᠯᠭᠡ ᠶᠢᠨ ᠳᠤᠮᠳᠠ ᠨᠠᠮ ᠤᠨ ᠰᠤᠷᠲᠠᠯ ᠢ ᠴᠢᠩᠭᠠᠳᠬᠠᠵᠤ᠂ ᠰᠤᠷᠲᠠᠯ ᠢ ᠰᠢᠯᠢᠳᠡᠭᠵᠢᠭᠦᠯᠵᠦ᠂ ᠣᠳᠣᠬᠠᠨ ᠤ ᠦᠶᠡᠷ ᠢ ᠰᠡᠷᠭᠡᠶᠢᠯᠡᠵᠦ ᠨᠡᠪᠲᠡᠷᠡᠬᠦ ᠶᠢ ᠪᠠᠲᠤᠯᠠᠬᠤ ᠡᠭᠦᠷᠭᠡ ᠲᠠᠢ ᠤᠶᠠᠯᠳᠤᠭᠤᠯᠤᠨ 7 ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠵᠤ᠂ ᠦᠶᠡᠷ ᠢ ᠰᠡᠷᠭᠡᠶᠢᠯᠡᠵᠦ ᠵᠠᠪᠳᠤᠨ ᠨᠡᠪᠲᠡᠷᠡᠭᠦᠯᠬᠦ ᠨᠠᠮ ᠤᠨ ᠭᠡᠰᠢᠭᠦᠨ ᠤ ᠭᠠᠪᠰᠢᠭᠠᠶ ᠠᠩᠭᠢ ᠶᠢ ᠪᠠᠶᠢᠭᠤᠯᠵᠤ᠂ ᠦᠶᠡᠷ ᠤᠨ ᠬᠤᠭᠤᠴᠠᠭᠠᠨ ᠤ ᠵᠠᠰᠠᠮᠠᠯ ᠵᠠᠮ ᠤᠨ ᠰᠠᠭᠠᠳ ᠥᠬᠡᠶ ᠨᠡᠪᠲᠡᠷᠡᠬᠦ ᠡᠮᠬᠢ ᠵᠢᠷᠤᠮ ᠲᠠᠢ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠪᠠ᠃  ᠠᠩᠬᠠᠷᠤᠯ ᠢᠶᠠᠨ ᠠᠷᠢᠭᠤᠨ ᠴᠢᠭᠡᠴᠢ᠂ ᠴᠠᠭᠳᠠᠬᠤ᠂ ᠦᠷᠭᠦᠯᠵᠢᠬᠦᠢᠴᠡ ᠳᠦ ᠲᠥᠪᠯᠡᠷᠡᠵᠦ᠂ ᠬᠠᠷᠠᠯᠲᠠ ᠡᠭᠦᠷᠭᠡ ᠶᠢᠨ ᠭᠦᠨᠵᠡᠭᠡᠢᠷᠡᠨ ᠪᠣᠳᠠᠲᠠᠢᠵᠢᠬᠤ ᠶᠢ ᠲᠦᠯᠬᠢᠨ ᠠᠬᠢᠭᠤᠯᠤᠨ᠎ᠠ  ᠨᠢᠭᠡ ᠳᠤ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ᠠᠷᠢᠭᠤᠨ ᠴᠢᠬᠡᠴᠢ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠲᠣᠪᠴᠢᠶᠠᠨ ᠤ ᠪᠠᠶᠢᠭᠤᠯᠭ᠎ᠠ ᠶᠢᠨ ᠠᠯᠪᠠᠨ ᠠᠰᠠᠷ ᠲᠤ ᠠᠷᠢᠭᠤᠨ ᠴᠢᠬᠡᠴᠢ ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ᠠᠷᠢᠭᠤᠨ ᠴᠢᠬᠡᠴᠢ ᠰᠣᠶᠣᠯ ᠤᠨ ᠵᠢᠭᠰᠠᠭᠠᠯ ᠤᠨ ᠭᠠᠵᠠᠷ ᠢ ᠪᠠᠶᠢᠭᠤᠯᠬᠤ ᠶᠢᠨ ᠬᠠᠮᠲᠤ ᠲᠣᠪᠴᠢᠶ᠎ᠠ ᠶᠢᠨ ᠣᠯᠠᠨ ᠨᠡᠶᠢᠲᠡ ᠶᠢᠨ ᠳ᠋ᠤᠭᠠᠷ ᠲᠤ ︽ᠠᠷᠢᠭᠤᠨ ᠴᠢᠬᠡᠴᠢ︾ ᠲᠤᠰᠬᠠᠶ ᠪᠤᠯᠤᠩ ᠭᠠᠷᠭᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢᠨ ᠮᠡᠳᠡᠭᠡᠯᠡᠯ ᠢ ᠢᠳᠡᠪᠬᠢᠲᠡᠶ ᠪᠠᠷ ᠳᠠᠮᠵᠢᠭᠤᠯᠤᠨ ᠬᠦᠷᠭᠡᠵᠦ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠰᠢᠨ᠎ᠡ ᠠᠴᠢᠶᠠᠯᠠᠪᠤᠷᠢ ᠶᠢ ᠪᠠᠶᠠᠯᠢᠭᠵᠢᠭᠤᠯᠤᠨ᠎ᠠ᠃ ᠬᠤᠶᠠᠷ ᠲᠤ᠂ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠪᠦᠬᠦ ᠨᠠᠮ ᠤᠨ ᠭᠡᠰᠢᠭᠦᠨ ᠺᠠᠳ᠋ᠷᠴᠤᠳ ᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠬᠠᠷᠢᠴᠠᠭᠤᠯᠤᠨ ᠪᠠᠶᠢᠴᠠᠭᠠᠵᠤ ᠵᠠᠳᠠᠯᠪᠠ᠃ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠸᠠᠩ ᠤᠨ ᠣᠷᠳᠣᠨ ᠪᠠᠯᠭᠠᠰᠤᠨ ᠤ ᠠᠷᠢᠭᠤᠨ ᠴᠢᠬᠡᠴᠢ ᠰᠣᠶᠣᠯ ᠤᠨ ᠦᠵᠡᠰᠬᠦᠯᠡᠩ ᠤᠨ ᠣᠷᠳᠣᠨ ᠳᠤ ᠬᠦᠷᠴᠦ ᠨᠠᠮᠴᠢ ᠴᠢᠨᠠᠷ ᠤᠨ ᠪᠠᠶᠢᠴᠠᠭᠠᠯᠲᠠ ᠬᠢᠯᠭᠡᠵᠦ᠂ ᠨᠠᠮ ᠤᠨ ᠭᠡᠰᠢᠭᠦᠨ ᠺᠠᠳ᠋ᠷᠴᠤᠳ ᠢ ᠰᠢᠪᠠᠳᠠᠨ ᠰᠠᠬᠢᠯᠭ᠎ᠠ ᠪᠠᠲᠤ ᠶᠢᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠬᠤᠷᠢᠭ᠎ᠠ ᠱᠤᠭᠤᠮ ᠢ ᠰᠠᠬᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠭᠤᠷᠪᠠ ᠳᠤ ᠰᠡᠳᠬᠢᠯ ᠤᠨ ᠦᠭᠡ ᠪᠠᠨ ᠶᠠᠷᠢᠯᠴᠠᠬᠤ ᠠᠵᠢᠯ ᠢ ᠪᠣᠳᠠᠲᠠᠢ ᠠᠳᠬᠤᠬᠤ ᠬᠡᠷᠡᠭᠲᠡᠢ᠃ ᠠᠷᠢᠭᠤᠨ ᠴᠢᠬᠡᠴᠢ ᠳᠠᠯᠳᠠ ᠭᠡᠮ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠪᠠᠷᠢᠮᠲᠠᠯᠠᠵᠤ᠂ ︽ᠲᠠᠪᠤᠨ ᠨᠢᠭᠡ︾ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠯᠴᠠᠭᠠᠨ ᠤ ᠠᠵᠢᠯᠯᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ᠂ ᠭᠤᠣᠯ ᠠᠵᠢᠯ ᠤᠨ ᠪᠠᠶᠢᠷᠢ ᠶᠢ ᠣᠨᠢᠯᠠᠨ ᠪᠠᠶᠢᠩᠭᠤ ᠶᠢᠨ ᠴᠢᠨᠠᠷᠲᠠᠶ ᠠᠷᠢᠭᠤᠨ ᠴᠢᠬᠡᠴᠢ ᠪᠠᠷ ᠰᠠᠨᠠᠭᠤᠯᠬᠤ ᠠᠵᠢᠯ ᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠣᠰᠣ ᠳᠦᠷᠢᠮ ᠤᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠬᠦᠴᠦᠯᠡᠨ ᠪᠤᠢ ᠪᠣᠯᠭᠠᠵᠤ᠂ ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠴᠢᠩᠭ᠎ᠠ ᠬᠦᠴᠦᠲᠡᠶ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号