ᠴᠸᠡ ᠵᠢᠶᠠ ᠶᠢᠩᠽᠢ ᠠᠴᠠ ᠡᠯ ᠵᠢᠶᠧ ᠳ᠋ᠢ ᠬᠦᠷᠬᠦ ᠲᠣᠰᠭᠤᠨ ᠤ ᠵᠠᠮ ᠤᠨ ᠪᠦᠲᠦᠭᠡᠨ ᠪᠠᠢᠭᠤᠯᠤᠯᠲᠠ ᠶᠢᠨ ᠠᠬᠢᠴᠠ ᠶᠢᠨ ᠬᠠᠭᠤᠳᠠᠰᠤ ᠶᠢ ᠰᠢᠨᠡᠳᠬᠡᠪᠡ
ᠨᠡᠶᠢᠲᠡᠯᠡᠭᠰᠡᠨ ᠴᠠᠭ᠄
2024/9/6
ᠴᠸᠡ ᠵᠢᠶᠠ ᠶᠢᠩᠽᠢ ᠠᠴᠠ ᠡᠯ ᠵᠢᠶᠧ ᠳ᠋ᠢ ᠬᠦᠷᠬᠦ ᠲᠣᠰᠭᠤᠨ ᠤ ᠵᠠᠮ ᠤᠨ ᠪᠦᠲᠦᠭᠡᠨ ᠪᠠᠢᠭᠤᠯᠤᠯᠲᠠ ᠶᠢᠨ ᠠᠬᠢᠴᠠ ᠶᠢᠨ ᠬᠠᠭᠤᠳᠠᠰᠤ ᠶᠢ ᠰᠢᠨᠡᠳᠬᠡᠪᠡ  ᠣᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠪᠥᠲᠥᠭᠡᠨ ᠪᠠᠶᠢᠭᠤᠯᠬᠤ ᠶᠢ ᠢᠮᠠᠭᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ︽ᠬᠢᠯᠭᠠᠰᠤᠨ ᠰᠤᠳᠠᠯ︾ ᠢ ᠨᠡᠪᠲᠡᠷᠡᠭᠦᠯᠬᠦ ᠪᠠ ︽ᠠᠮᠢᠨ ᠰᠤᠳᠠᠯ ᠤᠨ ᠵᠠᠮ︾ ᠢ ᠨᠡᠪᠲᠡᠷᠡᠭᠦᠯᠬᠦ ᠶᠢ ᠲᠦᠷᠭᠡᠳᠬᠡᠵᠦ᠂ ︽ᠪᠠᠶᠢᠭᠤᠯᠬᠤ᠂ ᠬᠠᠮᠢᠶᠠᠷᠬᠤ᠂ ᠠᠷᠠᠴᠢᠯᠠᠬᠤ᠂ ᠲᠡᠭᠡᠭᠡᠪᠦᠷᠢᠯᠡᠬᠦ︾ ᠳᠥᠷᠪᠡ ᠶᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠶᠢ ᠳᠠᠭᠠᠯᠳᠤᠨ᠂ ᠣᠯᠠᠨ ᠲᠦᠮᠡᠨ ᠳᠤ ᠬᠡᠷ ᠤᠨ ᠡᠭᠦᠳᠡᠨ ᠳᠠᠬᠢ ᠪᠠᠶᠠᠵᠢᠯ ᠤᠨ ᠵᠠᠮ᠂ ᠵᠣᠯ ᠵᠢᠷᠭᠠᠯᠲᠤ ᠵᠠᠮ᠂ ᠰᠡᠳᠬᠢᠯ ᠵᠢᠷᠦᠬᠡ ᠪᠠᠨ ᠬᠤᠯᠪᠣᠭᠰᠠᠨ ᠵᠠᠮ᠂ ᠬᠥᠭᠵᠢᠯ ᠮᠠᠨᠳᠤᠯ ᠤᠨ ᠵᠠᠮ ᠢ ᠪᠣᠶ ᠪᠣᠯᠭᠠᠪᠠ᠃  ᠤᠢᠷ᠎ᠠ ᠶᠢᠨ ᠡᠳᠦᠷ᠂ ᠰᠤᠷᠪᠤᠯᠵᠢᠯᠠᠭᠴᠢ ᠮᠠᠰᠢᠨ ᠲᠡᠷᠭᠡ ᠪᠠᠷ ᠴᠧᠨ ᠵᠢᠶᠠ ᠶᠢᠩᠽᠢ ᠠᠴᠠ ᠡᠯ ᠵᠢᠶᠧ ᠳ᠋ᠢ ᠲᠣᠰᠬᠤᠨ ᠳᠤ ᠨᠡᠪᠲᠡᠷᠡᠬᠦ ᠵᠠᠮ ᠳᠡᠭᠡᠷ᠎ᠡ᠂ ᠮᠤᠷᠤᠢ ᠰᠠᠷᠤᠢ ᠴᠠᠷᠳᠠᠮᠠᠯ ᠵᠠᠮ ᠰᠢᠤ ᠮᠧᠢ ᠱᠠᠨ ᠠᠭᠤᠯᠠᠨ ᠤ ᠬᠤᠭᠤᠷᠣᠨᠳᠣ ᠨᠠᠭᠠᠰᠢ ᠴᠠᠭᠠᠰᠢ ᠰᠦᠯᠵᠢᠯᠳᠦᠪᠡ᠃ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠰᠤᠷᠪᠤᠯᠵᠢᠯᠠᠭᠴᠢ ᠵᠠᠮ ᠤᠨ ᠰᠠᠭᠤᠷᠢ᠂ ᠵᠠᠮ ᠤᠨ ᠭᠠᠳᠠᠷᠭᠤ᠂ ᠵᠠᠮ ᠤᠨ ᠮᠥᠷᠥ ᠶᠢ ᠨᠢᠭᠡᠨᠲᠡ ᠪᠦᠬᠦᠨ ᠢ ᠳᠡᠪᠢᠰᠴᠦ ᠳᠠᠭᠤᠰᠤᠭᠰᠠᠨ ᠢ ᠣᠯᠵᠤ ᠬᠠᠷᠠᠭᠠᠳ᠂ ᠲᠣᠮᠣ ᠬᠡᠯᠪᠡᠷᠢ ᠶᠢᠨ ᠮᠠᠰᠢᠨ ᠮᠧᠬᠠᠨᠢᠭ ᠪᠠ ᠠᠵᠢᠯᠴᠢᠨ ᠶᠠᠭ ᠤᠰᠤ ᠵᠠᠯᠠᠬᠤ ᠰᠤᠪᠠᠭ ᠢ ᠮᠠᠯᠲᠠᠬᠤ᠂ ᠪᠤᠯᠠᠭᠠᠷᠢ ᠴᠣᠬᠢᠬᠤ ᠵᠢᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠷᠢᠯᠭ᠎ᠠ ᠶᠢ ᠪᠠᠷᠢᠵᠤ ᠪᠠᠶᠢᠨ᠎ᠠ᠃  ᠣᠶᠢᠯᠠᠭᠠᠭᠰᠠᠨ ᠢᠶᠠᠷ᠂ ᠴᠧᠨ ᠵᠢᠶᠠ ᠶᠢᠩᠽᠢ ᠠᠴᠠ ᠡᠯ ᠵᠢᠶᠧ ᠳ᠋ᠢ ᠲᠣᠰᠬᠤᠨ ᠳᠤ ᠨᠡᠪᠲᠡᠷᠡᠬᠦ ᠵᠠᠮ ᠤᠨ ᠲᠥᠷᠥᠯ ᠵᠦᠢᠯ ᠤᠨ ᠪᠥᠬᠦ ᠣᠷᠳᠣ ᠨᠢ 17.26 ᠺᠢᠯᠤᠮᠸᠲ᠋ᠷ ᠪᠠᠶᠢᠵᠤ᠂ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠵᠠᠮ ᠤᠨ ᠰᠠᠭᠤᠷᠢ ᠶᠢᠨ ᠥᠷᠭᠡᠨ ᠨᠢ 7.5 ᠮᠧᠲᠷ᠂ ᠵᠠᠮ ᠤᠨ ᠭᠠᠳᠠᠷᠭᠤ ᠶᠢᠨ ᠥᠷᠭᠡᠨ ᠨᠢ 6.5 ᠮᠧᠲᠷ ᠂ ᠡᠬᠢᠯᠡᠯᠲᠡ ᠶᠢᠨ ᠴᠡᠭ ᠨᠢ ᠮᠠ ᠠᠨ ᠱᠠᠨ ᠯᠢᠶᠠᠩ ᠳ᠋ᠢᠩ ᠵᠢᠶᠠ ᠶᠢᠩᠽᠢ ᠲᠣᠰᠬᠤᠨ ᠪᠠᠶᠢᠵᠤ᠂ ᠭᠤᠸᠠᠨ ᠳ᠋ᠤᠤ ᠯᠢᠶᠠᠩ᠂ ᠮᠠᠩ ᠨᠢᠤ ᠭᠧᠤ᠂ ᠬᠠᠨ ᠵᠢᠶᠠ ᠶᠣᠣ ᠲᠣᠰᠬᠤᠨ ᠳᠤ ᠪᠠᠶᠢᠷᠢᠯᠠᠵᠤ᠂ ᠨᠡᠶᠢᠲᠡ 540 ᠮᠥ ᠭᠠᠵᠠᠷ ᠡᠵᠡᠯᠡᠵᠦ ᠪᠣᠶ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 9266.6 ᠲᠦᠮᠡᠨ ᠲᠥᠭᠦᠷᠢᠭ᠃ ᠡᠭᠦᠨ ᠳᠤ ᠮᠠ ᠠᠨ ᠱᠠᠨ ᠤ ᠵᠠᠮ ᠢ ᠭᠠᠳᠠᠭᠰᠢ ᠰᠢᠯᠵᠢᠭᠦᠯᠦᠨ ᠥᠭᠡᠷᠡᠴᠢᠯᠡᠬᠦ ᠱᠤᠭᠤᠮ ᠤᠨ ᠪᠥᠬᠦ ᠣᠷᠳᠣ ᠨᠢ 457 ᠮᠧᠲᠷ ᠂ 14 ᠮᠥ ᠭᠠᠵᠠᠷ ᠡᠵᠡᠯᠡᠵᠦ᠂ 128 ᠲᠦᠮᠡᠨ ᠲᠥᠭᠦᠷᠢᠭ ᠤᠨ ᠪᠠᠯᠠ ᠣᠷᠣᠭᠤᠯᠵᠠᠢ᠃ ᠣᠳᠣᠬᠠᠨ ᠳᠤ ᠨᠢᠭᠡᠨᠲᠡ 1.4 ᠲᠦᠮᠡᠨ ᠪᠣᠰᠤᠭ᠎ᠠ ᠳᠥᠷᠪᠡᠯᠵᠢᠨ ᠮᠧᠲᠷ ᠵᠠᠮ ᠤᠨ ᠰᠠᠭᠤᠷᠢ ᠮᠠᠯᠲᠠᠵᠠᠶ᠃ ᠵᠢᠱᠢᠯᠲᠡ ᠪᠠᠷ 9 ᠰᠠᠷ᠎ᠠ ᠶᠢᠨ ᠰᠡᠭᠦᠯᠴᠢ ᠪᠠᠷ ᠪᠦᠬᠦᠨ ᠢ ᠪᠠᠷᠢᠵᠤ ᠳᠠᠭᠤᠰᠬᠠᠨ᠎ᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号