ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 5 ᠤ ᠴᠠᠭᠢᠯᠭᠠᠨ ᠮᠡᠳᠡᠭᠡ 9 ᠰᠠᠷ᠎ᠠ ᠶᠢᠨ 5 ᠤ ᠦᠳᠡ ᠶᠢᠨ | ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ | ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠰᠢ ᠶᠢᠨ ᠫᠢᠩ᠂ | ᠳᠤᠮᠳᠠᠳᠤ ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠪᠦᠭᠦᠶᠢᠯᠡ ᠤᠯᠤᠰ ᠯᠤᠭ᠎ᠠ ᠶᠢᠨ | ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ ᠭᠦᠷᠲᠡᠯ᠎ᠡ | ᠳᠡᠭᠡᠭᠰᠢᠯᠡᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ ᠲᠣᠭᠲᠠᠭᠠᠯᠲᠠ ᠶᠢ ᠰᠢᠨ᠎ᠡ | ᠴᠠᠭ ᠦᠶ᠎ᠡ ᠶᠢᠨ ᠴᠠᠭ ᠮᠥᠴᠡ ᠪᠦᠭᠦᠨ ᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠭᠦᠷᠲᠡᠯ᠎ᠡ | ᠳᠡᠭᠡᠭᠰᠢᠯᠡᠭᠦᠯᠵᠦ᠂ ᠳᠤᠮᠳᠠᠳᠤ ᠠᠹᠷᠢᠺᠠ ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠬᠤ ᠠᠷᠪᠠᠨ ᠶᠡᠭᠡ ᠬᠠᠨᠢᠲᠠᠨ ᠤ | ᠠᠵᠢᠯᠯᠠᠭ᠎ᠠ ᠶᠢ ᠬᠡᠷᠡᠭᠵᠢᠭᠦᠯᠦᠨ᠎ᠡ ᠭᠡᠵᠦ ᠨᠡᠶᠢᠲᠡᠯᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ | ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠣᠷᠣᠯᠴᠠᠪᠠ᠃ | 9 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ | ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ︽ᠭᠠᠷ ᠬᠤᠯᠪᠣᠯᠴᠠᠨ | ᠣᠳᠣᠬᠢᠴᠢᠯᠠᠯᠲᠠ ᠶᠢ ᠠᠬᠢᠭᠤᠯᠵᠤ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠴᠣᠭᠴᠠᠯᠠᠶ᠎ᠠ︾ ᠭᠡᠬᠦ | ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | 9 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ | ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ | ᠲᠠᠯᠪᠢᠪᠠ᠃ ᠵᠢᠷᠤᠭ ᠪᠣᠯ ᠡᠭᠢᠯᠡᠯᠲᠡ ᠶᠢᠨ ᠶᠣᠰᠣᠯᠠᠯ ᠠᠴᠠ ᠡᠮᠦᠨ᠎ᠡ᠂ ᠰᠢ ᠶᠢᠨ ᠫᠢᠩ ᠲᠦᠷᠦᠭᠦᠴᠦᠳ ᠤᠨ ᠬᠤᠷᠠᠯ ᠳᠤ | ᠣᠷᠤᠯᠴᠠᠬᠤ ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | ᠨᠠᠮᠤᠷ ᠤᠨ ᠡᠬᠢᠨ ᠤ ᠪᠡᠭᠡᠵᠢᠩ ᠨᠠᠯᠠᠭᠠᠷᠳᠠᠨ ᠴᠡᠩᠬᠡᠷᠯᠡᠨ᠎ᠡ᠃ ᠲᠢᠶᠠᠨ ᠠᠨ ᠮᠧᠨ ᠲᠠᠯᠠᠪᠠᠢ ᠪᠣᠯᠣᠨ ᠴᠠᠩ ᠠᠨ | ᠵᠡᠭᠡᠯᠢ ᠶᠢᠨ ᠬᠤᠶᠠᠷ ᠬᠠᠵᠠᠭᠤ ᠪᠠᠷ ᠬᠤᠷᠴᠠ ᠢᠯᠡᠲᠡᠢ ᠲᠠᠪᠤᠨ ᠣᠳᠣᠲᠤ ᠤᠯᠠᠭᠠᠨ ᠲᠤᠭ ᠪᠣᠯᠣᠨ ᠠᠹᠷᠢᠺᠠ ᠲᠢᠪ ᠤᠨ 53 | ᠤᠯᠤᠰ ᠪᠣᠯᠣᠨ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ᠃ | ᠰᠢ ᠶᠢᠨ ᠫᠢᠩ ᠲᠦᠷᠦᠭᠦᠴᠦᠳ ᠤᠨ ᠬᠤᠷᠠᠯ ᠳᠤ ᠣᠷᠣᠯᠴᠠᠬᠰᠠᠨ 51 ᠨᠡᠷᠡᠰ ᠠᠹᠷᠢᠺᠠ ᠲᠢᠪ ᠤᠨ ᠤᠯᠤᠰ ᠤᠨ | ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ ᠵᠢᠴᠢ ᠶᠡᠷᠦᠩᠬᠡᠶᠢᠯᠡᠭᠴᠢ ᠶᠢᠨ 2 ᠲᠥᠯᠥᠭᠡᠯᠡᠭᠴᠢ᠂ ᠠᠹᠷᠢᠺᠠ ᠲᠢᠪ ᠤᠨ | ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠨᠠᠷᠢᠨ ᠪᠢᠴᠢᠭ ᠤᠨ ᠳᠠᠷᠤᠭ᠎ᠠ ᠨᠠᠷ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠪᠠ᠃ | ︽ᠡᠩᠬᠡ ᠲᠠᠶᠢᠪᠤᠩ — ᠬᠤᠪᠢ ᠵᠠᠶᠠᠭᠠᠨ ᠤ ᠬᠠᠮᠲᠤ ᠶᠢᠨ ᠴᠣᠭᠴᠠ︾ ᠭᠡᠬᠦ ᠬᠥᠭᠵᠢᠮ ᠤᠨ ᠠᠶᠠᠰ ᠪᠣᠯᠣᠨ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠪᠠᠷ | ᠬᠤᠷᠠᠯ ᠤᠨ ᠲᠠᠯᠠᠪᠠᠢ ᠳᠤ ᠠᠯᠬᠤᠨ ᠣᠷᠣᠵᠤ᠂ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠰᠢ ᠶᠢᠨ ᠫᠢᠩ ︽ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠵᠤ᠂ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠬᠠᠮᠲᠤ ᠪᠠᠷ ᠴᠣᠭᠴᠠᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | ᠰᠢ ᠶᠢᠨ ᠫᠢᠩ ᠡᠩ ᠲᠡᠷᠢᠭᠦᠨ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ | ᠠᠷᠠᠳ ᠲᠦᠮᠡᠨ ᠤ ᠡᠮᠦᠨ᠎ᠡ ᠠᠴᠠ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠭᠠᠳᠠᠭᠠᠳᠤ ᠶᠢᠨ ᠡᠷᠬᠢᠮ ᠵᠣᠴᠢᠳ ᠢ | ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠡᠨᠡ ᠬᠦ ᠡᠯᠪᠡᠭ ᠬᠤᠷᠢᠶᠠᠯᠲᠠ ᠶᠢᠨ ᠤᠯᠠᠷᠢᠯ ᠳᠤ᠂ ᠰᠢᠨ᠎ᠡ ᠬᠠᠭᠤᠴᠢᠨ ᠨᠠᠶᠢᠵᠠ ᠨᠠᠷ ᠲᠠᠢ ᠪᠠᠨ | ᠪᠡᠭᠡᠵᠢᠩ ᠳᠤ ᠴᠤᠭᠯᠠᠷᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭᠠᠨ ᠤ ᠶᠡᠭᠡ | ᠪᠣᠳᠣᠯᠭ᠎ᠠ ᠶᠢ ᠬᠠᠮᠲᠤ ᠪᠠᠷ ᠵᠥᠪᠳᠡᠯᠴᠡᠬᠦ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠳᠤᠮᠳᠠᠳᠤ ᠠᠹᠷᠢᠺᠠ ᠶᠢᠨ | ᠨᠥᠬᠦᠷᠯᠡᠯ ᠴᠠᠭ ᠣᠷᠣᠨ ᠵᠠᠢ ᠶᠢ ᠠᠯᠤᠰᠯᠠᠨ᠂ ᠠᠭᠤᠯᠠ ᠲᠠᠯᠠᠢ ᠶᠢ ᠳᠠᠪᠠᠵᠤ᠂ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ᠃ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 24 ᠵᠢᠯ ᠤᠨ ᠲᠤᠷᠰᠢ | ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ᠂ ᠳᠤᠮᠳᠠᠳᠤ ᠤᠯᠤᠰ ᠠᠹᠷᠢᠺᠠ ᠲᠢᠪ ᠤᠨ ᠠᠬ᠎ᠠ ᠳᠡᠭᠦᠦ ᠡᠭᠡᠴᠢ ᠥᠬᠢᠨ | ᠳᠡᠭᠦᠦ ᠨᠠᠷ ᠲᠠᠢ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠢᠶᠠᠷ᠂ ᠳᠡᠯᠡᠬᠡᠢ ᠶᠢᠨ ᠵᠠᠭᠤᠨ ᠵᠢᠯ ᠤᠨ | ᠬᠤᠪᠢᠰᠤᠯᠲᠠ ᠶᠢᠨ ᠳᠤᠮᠳᠠ ᠮᠥᠷᠥ ᠵᠡᠷᠭᠡᠴᠡᠨ ᠭᠠᠷ ᠭᠠᠷ ᠢᠶᠠᠨ ᠬᠤᠯᠪᠣᠵᠤ᠂ ᠵᠦᠢ ᠶᠣᠰᠣᠨ ᠤ ᠡᠷᠬᠡ ᠠᠰᠢᠭ ᠢᠶᠠᠨ | ᠬᠠᠷᠢᠯᠴᠠᠨ ᠡᠷᠡᠰ ᠬᠠᠮᠠᠭᠠᠯᠠᠪᠠ︔ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠤᠷᠤᠰᠬᠠᠯ ᠳᠤᠮᠳᠠ ᠶᠠᠰᠤ | ᠰᠢᠷᠪᠦᠰᠦ ᠪᠠᠨ ᠬᠠᠲᠠᠭᠤᠵᠢᠭᠤᠯᠵᠤ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠢᠶᠠᠷ | ᠳᠤᠮᠳᠠᠳᠤ ᠠᠹᠷᠢᠺᠠ ᠶᠢᠨ ᠲᠦᠭ ᠲᠦᠮᠡᠨ ᠠᠷᠠᠳ ᠲᠦᠮᠡᠨ ᠳᠤ ᠠᠰᠢᠭ ᠭᠦᠷᠲᠡᠭᠡᠪᠡ︔ ᠶᠡᠭᠡ ᠭᠠᠮᠰᠢᠭ ᠶᠡᠭᠡ ᠬᠢᠵᠢᠭ ᠤᠨ | ᠡᠮᠦᠨ᠎ᠡ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠠᠮᠲᠤ ᠪᠠᠷ ᠲᠡᠮᠡᠴᠡᠵᠦ᠂ ᠳᠤᠮᠳᠠᠳᠤ ᠠᠹᠷᠢᠺᠠ ᠶᠢᠨ ᠨᠥᠬᠦᠷᠯᠡᠯ ᠤᠨ | ᠰᠡᠳᠬᠢᠯ ᠬᠥᠳᠡᠯᠭᠡᠮ᠎ᠡ ᠦᠯᠢᠭᠡᠷ ᠤᠳ ᠢ ᠪᠢᠴᠢᠭᠯᠡᠪᠡ︔ ᠪᠢᠳᠡ ᠢᠮᠠᠭᠲᠠ ᠬᠠᠷᠢᠯᠴᠠᠨ ᠣᠶᠢᠯᠠᠭᠠᠯᠴᠠᠵᠤ᠂ ᠬᠠᠷᠢᠯᠴᠠᠨ | ᠲᠡᠮᠵᠢᠵᠤ᠂ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ 70 ᠵᠢᠯ | ᠰᠢᠬᠠᠮ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠠᠭ ᠲᠡᠦᠬᠡ ᠶᠢᠨ | ᠬᠠᠮᠤᠭ ᠤᠨ ᠰᠠᠶᠢᠬᠠᠨ ᠴᠠᠭ ᠦᠶ᠎ᠡ ᠳᠤ ᠣᠷᠣᠰᠢᠵᠤ ᠪᠠᠶᠢᠨ᠎ᠠ᠃ ᠢᠷᠡᠭᠡᠳᠦᠢ ᠳᠤ ᠬᠠᠨᠳᠤᠵᠤ᠂ ᠳᠤᠮᠳᠠᠳᠤ ᠶᠢᠨ ᠲᠠᠯ᠎ᠠ ᠠᠴᠠ | ᠳᠤᠮᠳᠠᠳᠤ ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠪᠦᠭᠦᠶᠢᠯᠡ ᠤᠯᠤᠰ ᠯᠤᠭ᠎ᠠ ᠶᠢᠨ | ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ ᠭᠦᠷᠲᠡᠯ᠎ᠡ | ᠲᠡᠭᠡᠭᠰᠢᠯᠡᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ ᠲᠣᠭᠲᠠᠭᠠᠯᠲᠠ ᠶᠢ ᠰᠢᠨ᠎ᠡ | ᠴᠠᠭ ᠦᠶ᠎ᠡ ᠶᠢᠨ ᠴᠠᠭ ᠮᠥᠴᠡ ᠪᠦᠭᠦᠨ ᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠳᠤ | ᠭᠦᠷᠲᠡᠯ᠎ᠡ ᠳᠡᠭᠡᠭᠰᠢᠯᠡᠭᠦᠯᠭᠦ ᠶᠢ ᠰᠠᠨᠠᠭᠠᠴᠢᠯᠠᠵᠤ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠢᠴᠢᠯᠠᠯᠲᠠ ᠶᠢ ᠪᠡᠶᠡᠯᠡᠭᠦᠯᠬᠦ ᠪᠣᠯ ᠳᠡᠯᠡᠬᠡᠢ ᠶᠢᠨ ᠡᠯ᠎ᠡ ᠤᠯᠤᠰ ᠤᠨ ᠪᠤᠯᠢᠶᠠᠵᠤ ᠪᠣᠯᠣᠰᠢ | ᠦᠭᠡᠢ ᠡᠷᠬᠡ ᠮᠥᠨ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠡᠷᠡᠰ | ᠭᠤᠶᠢᠪᠢᠰᠢ ᠦᠭᠡᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠠᠹᠷᠢᠺᠠ ᠲᠢᠪ ᠴᠦ ᠰᠢᠨ᠎ᠡ ᠰᠡᠬᠡᠭᠡᠷᠡᠯᠲᠡ ᠶᠢ ᠶᠠᠭ | ᠥᠩᠭᠡᠷᠡᠭᠡᠵᠦ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ︽2063 ᠣᠨ ᠤ ᠵᠥᠪᠯᠡᠬᠦ ᠵᠦᠢᠯ︾ ᠳᠤ | ᠵᠢᠷᠤᠭᠯᠠᠭᠰᠠᠨ ᠣᠳᠣᠬᠢᠴᠢᠯᠠᠯᠲᠠ ᠶᠢᠨ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ᠃ ᠳᠤᠮᠳᠠᠳᠤ | ᠠᠹᠷᠢᠺᠠ ᠶᠢᠨ ᠬᠢᠨ ᠣᠳᠣᠬᠢᠴᠢᠯᠠᠯᠲᠠ ᠶᠢᠨ ᠬᠦᠰᠡᠯ ᠵᠡᠭᠦᠳᠦ ᠲᠡᠶᠢᠰᠢ ᠬᠠᠮᠲᠤ ᠪᠠᠷ ᠤᠷᠤᠭᠰᠢᠯᠠᠵᠤ ᠪᠠᠶᠢᠭ᠎ᠠ ᠶᠠᠪᠤᠳᠠᠯ ᠨᠢ | ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠬᠠᠯᠠᠭᠤᠨ ᠥᠷᠨᠢᠯᠲᠡ ᠶᠢ ᠪᠤᠢ | ᠪᠤᠯᠭᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠣ ᠰᠢᠨ᠎ᠡ | ᠬᠠᠭᠤᠳᠠᠰᠤ ᠶᠢ ᠪᠢᠴᠢᠭᠯᠡᠬᠦ ᠨᠢ ᠯᠠᠪᠲᠠᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠠᠹᠷᠢᠺᠠ ︽ᠵᠢᠷᠭᠤᠭᠠᠨ ᠣᠳᠣᠬᠢᠴᠢᠯᠠᠯᠲᠠ︾ ᠶᠢ ᠭᠠᠷ ᠬᠤᠯᠪᠣᠯᠴᠠᠨ ᠠᠬᠢᠭᠤᠯᠤᠶ᠎ᠠ᠃ | — ᠲᠥᠪ ᠭᠤᠤᠯᠴᠢ ᠵᠦᠢ ᠵᠣᠬᠢᠰᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠤᠯᠤᠰ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ | ᠵᠢᠷᠤᠮᠯᠠᠬᠤ ᠬᠡᠷᠡᠭᠲᠡᠢ ᠮᠥᠷᠲᠡᠭᠡᠨ ᠲᠤᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠭᠦᠯᠬᠦ ᠬᠡᠷᠡᠭᠲᠡᠢ᠃ ᠳᠤᠮᠳᠠᠳᠤ | ᠤᠯᠤᠰ ᠳᠤᠷᠠᠲᠠᠶ᠎ᠠ ᠠᠹᠷᠢᠺᠠ ᠯᠤᠭ᠎ᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ | ᠴᠢᠩᠭᠠᠳᠬᠠᠵᠤ᠂ ᠡᠯ᠎ᠡ ᠤᠯᠤᠰ ᠤᠨ ᠬᠢᠨ ᠲᠤᠰ ᠤᠯᠤᠰ ᠤᠨ ᠢᠶᠠᠨ ᠪᠠᠶᠢᠳᠠᠯ ᠳᠤ ᠵᠣᠬᠢᠴᠠᠬᠤ ᠣᠳᠣᠬᠢᠴᠢᠯᠠᠯᠲᠠ ᠶᠢᠨ ᠵᠠᠮ ᠢ | ᠰᠦᠪᠡᠭᠴᠢᠯᠡᠬᠦ ᠶᠢ ᠲᠡᠮᠵᠢᠵᠤ᠂ ᠡᠯ᠎ᠡ ᠤᠯᠤᠰ ᠤᠨ ᠡᠷᠬᠡ ᠠᠰᠢᠭ ᠨᠢ ᠲᠥᠪ ᠭᠤᠤᠯᠴᠢ᠂ ᠠᠵᠠ ᠲᠣᠭᠢᠶᠠᠯ ᠨᠢ ᠲᠥᠪ | ᠭᠤᠤᠯᠴᠢ ᠪᠠᠶᠢᠬᠤ ᠶᠢ ᠪᠠᠲᠤᠯᠠᠨ᠎ᠠ᠃ | — ᠨᠡᠭᠡᠭᠡᠯᠲᠡ ᠬᠢᠵᠦ ᠬᠠᠮᠲᠤ ᠪᠠᠷ ᠠᠰᠢᠭ ᠭᠦᠷᠲᠡᠭᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯ ᠡᠯ᠎ᠡ ᠤᠯᠤᠰ ᠤᠨ ᠠᠯᠤᠰ ᠭᠡᠳᠦ ᠶᠢᠨ ᠪᠠ ᠦᠨᠳᠦᠰᠦᠨ ᠠᠰᠢᠭ ᠲᠤᠰᠠ ᠲᠠᠢ | ᠨᠡᠶᠢᠴᠡᠬᠦ ᠰᠠᠷᠠᠭᠤᠯ ᠳᠠᠷᠳᠠᠩ ᠵᠠᠮ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠠᠵᠤ ᠦᠢᠯᠡᠳᠪᠦᠷᠢ᠂ | ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ᠂ ᠠᠷᠠᠯᠵᠢᠶ᠎ᠠ ᠪᠡᠯᠡ ᠣᠷᠣᠭᠤᠯᠤᠯᠲᠠ ᠵᠡᠷᠭᠡ ᠬᠦᠷᠢᠶᠡᠨ ᠤ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠬᠡᠪ ᠳᠠᠭᠤᠷᠢᠶᠠᠯ ᠢ ᠪᠤᠢ ᠪᠤᠯᠭᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠬᠤ ᠦᠯᠢᠭᠡᠷ ᠬᠡᠪ ᠢ ᠬᠠᠮᠲᠤ ᠪᠠᠷ ᠴᠣᠭᠴᠠᠯᠠᠨ᠎ᠠ᠃ | — ᠠᠷᠠᠳ ᠲᠦᠮᠡᠨ ᠢ ᠳᠡᠭᠡᠳᠦᠯᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠬᠥᠮᠥᠨ ᠤ ᠡᠷᠬᠡ | ᠴᠢᠯᠦᠭᠡ ᠲᠠᠢ ᠪᠦᠭᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠴᠦᠰ ᠤᠨ ᠬᠠᠷᠠᠯᠲᠠ ᠮᠥᠨ᠃ | ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠴᠢᠳᠠᠪᠤᠷᠢᠲᠠᠨ ᠬᠥᠮᠥᠵᠢᠭᠦᠯᠬᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠬᠦ᠂ ᠠᠵᠢᠯ ᠣᠯᠭᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠠᠷᠠᠳ | ᠲᠦᠮᠡᠨ ᠤ ᠣᠳᠣᠬᠢᠴᠢᠯᠠᠯᠲᠠ ᠶᠢᠨ ᠠᠬᠢᠴᠠ ᠳᠠᠬᠢ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ᠂ ᠣᠳᠣᠬᠢᠴᠢᠯᠠᠯᠲᠠ ᠪᠠᠷ ᠪᠦᠭᠦ ᠠᠷᠠᠳ ᠲᠦᠮᠡᠨ ᠳᠤ ᠠᠰᠢᠭ ᠬᠦᠷᠲᠡᠭᠡᠬᠦ ᠶᠢ | ᠠᠬᠢᠭᠤᠯᠤᠨ᠎ᠠ᠃ | — ᠣᠯᠠᠨ ᠡᠰᠢᠲᠦ ᠪᠠᠭᠲᠠᠭᠠᠮᠵᠢᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠳᠠᠰ ᠤᠨ | ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠷᠬᠢᠮ | ᠳᠡᠭᠡᠳᠦ ᠬᠥᠭᠡᠭᠡᠴᠡᠯᠳᠦᠯ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠨ ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠬᠢᠴᠠ ᠳᠤᠮᠳᠠ ᠠᠳᠠᠯᠢ ᠪᠤᠰᠤ ᠪᠣᠯᠪᠠᠰᠤᠨ ᠤ ᠬᠠᠷᠢᠯᠴᠠᠨ | ᠬᠦᠨᠳᠦᠳᠬᠡᠬᠦ᠂ ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠬᠠᠮᠲᠤ ᠪᠠᠷ ᠠᠬᠢᠭᠤᠯᠤᠨ᠎ᠠ᠃ | — ᠠᠮᠢ ᠠᠬᠤᠢ ᠨᠥᠭᠦᠷᠰᠡᠭ ᠪᠠᠶᠢᠬᠤ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠬᠢᠷᠳᠤᠯ | ᠦᠭᠡᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠣᠳᠣᠬᠢᠴᠢᠯᠠᠯᠲᠠ ᠶᠢᠨ ᠢᠯᠡ ᠲᠣᠳᠣ ᠪᠡᠯᠭᠡ ᠲᠡᠮᠳᠡᠭ ᠮᠥᠨ᠃ | ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠢ ᠬᠠᠪᠰᠤᠷᠤᠨ ︽ᠪᠣᠬᠢᠷᠳᠤᠯ ᠦᠭᠡᠢ ᠨᠡᠮᠡᠭᠳᠡᠯ ᠤᠨ ᠬᠥᠳᠡᠯᠭᠡᠭᠦᠷ︾ ᠢ | ᠴᠣᠭᠴᠠᠯᠠᠵᠤ᠂ ᠡᠨᠧᠷᠭᠢ ᠶᠢᠨ ᠬᠦᠷᠦᠯᠴᠡᠬᠦᠶᠢᠴᠡ ᠴᠢᠨᠠᠷ ᠤᠨ ᠵᠥᠷᠢᠶ᠎ᠡ ᠶᠢ ᠪᠠᠭᠠᠰᠬᠠᠨ᠂ ᠬᠠᠮᠲᠤ ᠪᠠᠷ ᠬᠠᠷᠢᠭᠤᠴᠠᠬᠤ | ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠪᠣᠬᠢᠷᠳᠤᠯ | ᠦᠭᠡᠢ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ᠃ | — ᠡᠩᠬᠡ ᠲᠠᠶᠢᠪᠤᠩ ᠠᠮᠤᠷ ᠲᠦᠪᠰᠢᠨ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ | ᠣᠳᠣᠬᠢᠴᠢᠯᠠᠯᠲᠠ ᠨᠢ ᠡᠩᠬᠡ ᠲᠠᠶᠢᠪᠤᠩ ᠲᠣᠭᠲᠠᠭᠤᠨ ᠬᠥᠭᠵᠢᠯᠲᠡ ᠶᠢᠨ ᠣᠷᠴᠢᠨ ᠨᠥᠬᠦᠴᠡᠯ ᠠᠴᠠ ᠰᠠᠯᠵᠤ ᠴᠢᠳᠠᠬᠤ ᠦᠭᠡᠢ | ᠶᠤᠮ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠩᠬᠡ ᠲᠠᠶᠢᠪᠤᠩ ᠲᠣᠭᠲᠠᠭᠤᠨ ᠢᠶᠠᠨ ᠪᠡᠶ᠎ᠡ ᠪᠠᠨ ᠳᠠᠭᠠᠭᠠᠵᠤ | ᠬᠠᠮᠠᠭᠠᠯᠠᠬᠤ ᠴᠢᠳᠠᠪᠤᠷᠢ ᠶᠢ ᠬᠠᠪᠰᠤᠷᠤᠨ ᠳᠡᠭᠡᠭᠰᠢᠯᠡᠭᠦᠯᠵᠦ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠶᠢ ᠡᠩ ᠲᠡᠷᠢᠭᠦᠨ ᠳᠤ ᠠᠹᠷᠢᠺᠠ ᠲᠢᠪ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠠᠬᠢᠭᠤᠯᠵᠤ᠂ | ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠭᠡᠵᠦ ᠳᠤᠷᠠᠳᠪᠠ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠠᠹᠷᠢᠺᠠ ᠲᠢᠪ ᠳᠡᠯᠡᠬᠡᠢ ᠶᠢᠨ ᠪᠦᠭᠦ ᠬᠥᠮᠥᠨ ᠠᠮᠠ ᠶᠢᠨ ᠭᠤᠷᠪᠠᠨ ᠤ | ᠨᠢᠭᠡ ᠬᠤᠪᠢ ᠶᠢ ᠡᠵᠡᠯᠡᠨ᠎ᠡ᠂ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠶᠢᠬᠤ ᠦᠭᠡᠢ ᠪᠣᠯ ᠳᠡᠯᠡᠬᠡᠢ ᠶᠢᠨ | ᠣᠳᠣᠬᠢᠴᠢᠯᠠᠯᠲᠠ ᠪᠠᠶᠢᠵᠤ ᠴᠢᠳᠠᠬᠤ ᠦᠭᠡᠢ᠃ ᠢᠷᠡᠭᠡᠳᠦᠢ ᠶᠢᠨ 3 ᠵᠢᠯ ᠳᠤ᠂ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ | ᠬᠢᠨ ᠲᠠᠢ ᠣᠳᠣᠬᠢᠴᠢᠯᠠᠯᠲᠠ ᠶᠢᠨ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠭᠠᠷ ᠬᠤᠯᠪᠣᠯᠴᠠᠨ ᠠᠬᠢᠭᠤᠯᠵᠤ᠂ ᠳᠤᠮᠳᠠᠳᠤ | ᠠᠹᠷᠢᠺᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ | ᠣᠳᠣᠬᠢᠴᠢᠯᠠᠯᠲᠠ ᠶᠢ ᠬᠥᠲᠥᠯᠥᠨ ᠳᠠᠭᠠᠭᠤᠯᠤᠨ᠎ᠠ᠃ | ᠨᠢᠭᠡᠳᠦᠭᠡᠷ ᠲᠤ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠶᠢᠨ ᠬᠢᠨ ᠲᠠᠢ ᠳᠤᠮᠳᠠᠳᠤ ᠠᠹᠷᠢᠺᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ | ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠳᠤᠮᠳᠠᠳᠤ ᠠᠹᠷᠢᠺᠠ ᠶᠢᠨ ᠬᠥᠭᠵᠢᠯᠲᠡ ᠶᠢᠨ ᠮᠡᠳᠡᠯᠭᠡ ᠶᠢᠨ ᠰᠦᠯᠵᠢᠶ᠎ᠡ ᠪᠣᠯᠣᠨ | 25 ᠳᠤᠮᠳᠠᠳᠤ ᠠᠹᠷᠢᠺᠠ ᠶᠢᠨ ᠰᠤᠳᠤᠯᠭᠠᠨ ᠤ ᠲᠥᠪ ᠢ ᠪᠠᠶᠢᠭᠤᠯᠵᠤ᠂ ᠠᠹᠷᠢᠺᠠ ᠲᠢᠪ ᠤᠨ 1000 ᠲᠦᠷᠦ ᠶᠢᠨ ᠨᠠᠮ ᠤᠨ | ᠬᠥᠮᠥᠰ ᠢ ᠤᠷᠢᠵᠤ ᠳᠤᠮᠳᠠᠳᠤ ᠤᠯᠤᠰ ᠲᠤ ᠢᠷᠡᠭᠦᠯᠦᠨ ᠰᠣᠯᠢᠯᠴᠠᠭ᠎ᠠ ᠬᠢᠯᠭᠡᠨ᠎ᠡ᠃ | ᠬᠤᠶᠠᠳᠤᠭᠠᠷ ᠲᠤ᠂ ᠠᠷᠠᠯᠵᠢᠶ᠎ᠠ ᠴᠡᠴᠡᠭᠯᠡᠨ ᠬᠥᠭᠵᠢᠭᠰᠡᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ | ᠵᠠᠬ᠎ᠠ ᠳᠡᠯᠭᠡᠭᠦᠷ ᠤᠨ ᠨᠡᠭᠡᠭᠡᠯᠲᠡ ᠶᠢ ᠰᠠᠨᠠᠭᠠᠴᠢᠯᠠᠭ᠎ᠠ ᠠᠴᠠ ᠪᠠᠨ ᠭᠠᠭᠴᠠ ᠲᠠᠯ᠎ᠠ ᠠᠴᠠ ᠥᠷᠭᠡᠳᠬᠡᠵᠦ᠂ ᠠᠹᠷᠢᠺᠠ ᠲᠢᠪ ᠤᠨ | 33 ᠤᠯᠤᠰ ᠢ ᠪᠠᠭᠲᠠᠭᠠᠭᠰᠠᠨ ᠪᠤᠢ ᠪᠦᠬᠦᠢ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ | ᠬᠠᠮᠤᠭ ᠤᠨ ᠬᠥᠭᠵᠢᠭᠡᠳᠦᠢ ᠤᠯᠤᠰ ᠤᠨ 100% ᠶᠢᠨ ᠭᠠᠶᠢᠯᠢ ᠶᠢᠨ ᠲᠦᠷᠦᠯ ᠤᠨ ᠪᠦᠲᠦᠭᠡᠭᠳᠡᠬᠦᠨ ᠳᠤ ᠪᠣᠭᠤᠮᠲᠠ ᠶᠢᠨ | ᠭᠠᠶᠢᠯᠢ ᠠᠪᠬᠤ ᠦᠭᠡᠢ ᠬᠠᠷᠠᠭᠠᠯᠵᠠᠯ ᠦᠵᠡᠭᠦᠯᠭᠦ ᠪᠠᠷ ᠲᠣᠭᠲᠠᠵᠤ᠂ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢ | ᠠᠹᠷᠢᠺᠠ ᠲᠢᠪ ᠤᠨ ᠲᠣᠮᠣ ᠠᠵᠠ ᠲᠣᠭᠢᠶᠠᠯ ᠪᠤᠯᠭᠠᠬᠤ ᠶᠢ ᠠᠬᠢᠭᠤᠯᠤᠨ᠎ᠠ᠃ ᠠᠹᠷᠢᠺᠠ ᠲᠢᠪ ᠤᠨ ᠬᠥᠳᠡᠭᠡ ᠠᠵᠤ | ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ᠂ ᠡᠯᠧᠺᠲᠷᠣᠨ | ᠬᠤᠳᠠᠯᠳᠤᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ︽ᠳᠤᠮᠳᠠᠳᠤ ᠠᠹᠷᠢᠺᠠ ᠶᠢᠨ ᠶᠠᠰᠤ | ᠴᠢᠨᠠᠷ ᠢ ᠳᠡᠭᠡᠭᠰᠢᠯᠡᠭᠦᠯᠭᠦ ᠲᠥᠯᠥᠪᠯᠡᠭᠡ︾ ᠶᠢ ᠬᠡᠷᠡᠭᠵᠢᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ | ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠪᠣᠷᠣ ᠲᠥᠯᠥᠪ ᠢ ᠵᠥᠪᠳᠡᠯᠴᠡᠨ ᠲᠣᠭᠲᠠᠵᠤ᠂ | ᠳᠤᠮᠳᠠᠳᠤ ᠠᠹᠷᠢᠺᠠ ᠶᠢᠨ ᠠᠷᠠᠯᠵᠢᠶᠠᠨ ᠤ ᠪᠡᠯᠡ ᠣᠷᠣᠭᠤᠯᠤᠯᠲᠠ ᠳᠤ ᠤᠷᠳᠤ ᠬᠤᠭᠤᠴᠠᠭᠠᠨ ᠤ᠂ ᠲᠣᠭᠲᠠᠭᠤᠨ᠂ ᠵᠢᠱᠢᠵᠦ | ᠪᠣᠯᠬᠤᠶᠢᠴᠠ ᠳᠦᠷᠢᠮ ᠤᠨ ᠪᠠᠲᠤᠯᠠᠭ᠎ᠠ ᠬᠠᠩᠭᠠᠨ᠎ᠠ᠃ | ᠭᠤᠷᠪᠠᠳᠤᠭᠠᠷ ᠲᠤ᠂ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ | ᠤᠯᠤᠰ ᠳᠤᠷᠠᠲᠠᠶ᠎ᠠ ᠠᠹᠷᠢᠺᠠ ᠲᠢᠪ ᠯᠦᠭᠡ ᠠᠵᠤ ᠦᠢᠯᠡᠰ ᠤᠨ ᠬᠠᠮᠲᠤᠷᠠᠯᠴᠠᠭᠠᠨ ᠤ ᠨᠡᠮᠡᠭᠳᠡᠯ ᠤᠨ ᠲᠣᠭᠤᠷᠢᠭ ᠢ | ᠪᠠᠶᠢᠭᠤᠯᠵᠤ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ ᠬᠤᠰᠢᠭᠤᠴᠢ | ᠣᠷᠣᠨ ᠢ ᠬᠦᠴᠦᠯᠡᠨ ᠪᠠᠶᠢᠭᠤᠯᠵᠤ᠂ ︽ᠠᠹᠷᠢᠺᠠ ᠲᠢᠪ ᠤᠨ ᠳᠤᠮᠳᠠ ᠪᠠᠭ᠎ᠠ ᠠᠵᠤ ᠠᠬᠤᠶᠢᠯᠠᠯ ᠳᠤ ᠬᠦᠴᠦᠨ ᠣᠯᠭᠤᠬᠤ | ᠲᠥᠯᠥᠪᠯᠡᠭᠡ︾ ᠶᠢ ᠡᠬᠢᠯᠡᠭᠦᠯᠦᠨ᠎ᠡ᠃ ᠳᠤᠮᠳᠠᠳᠤ ᠠᠹᠷᠢᠺᠠ ᠶᠢᠨ ᠲᠣᠭᠠᠴᠢᠯᠠᠭᠰᠠᠨ ᠮᠡᠷᠭᠡᠵᠢᠯ ᠤᠨ ᠬᠠᠮᠲᠤᠷᠠᠯᠴᠠᠭᠠᠨ ᠤ | ᠲᠥᠪ ᠢ ᠬᠠᠮᠲᠤ ᠪᠠᠷ ᠪᠠᠶᠢᠭᠤᠯᠵᠤ᠂ ᠲᠣᠭᠠᠴᠢᠯᠠᠭᠰᠠᠨ ᠵᠢᠱᠢᠶ᠎ᠡ ᠦᠵᠡᠭᠦᠯᠭᠦ 20 ᠲᠦᠷᠦᠯ ᠵᠦᠢᠯ ᠢ ᠪᠠᠶᠢᠭᠤᠯᠤᠨ᠎ᠠ᠃ | ᠳᠥᠷᠪᠡᠳᠦᠭᠡᠷ ᠲᠤ᠂ ᠬᠤᠯᠪᠣᠯᠳᠤᠨ ᠨᠡᠪᠲᠡᠷᠡᠯᠴᠡᠬᠦ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ | ᠠᠹᠷᠢᠺᠠ ᠲᠢᠪ ᠲᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ 30 ᠲᠥᠷᠥᠯ ᠵᠦᠢᠯ ᠢ ᠬᠡᠷᠡᠭᠵᠢᠭᠦᠯᠵᠦ᠂ ︽ | ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠠᠷ ᠬᠤᠯᠪᠣᠯᠴᠠᠨ ᠠᠬᠢᠭᠤᠯᠵᠤ᠂ | ᠡᠬᠡ ᠬᠠᠭᠤᠷᠠᠢ ᠪᠠ ᠲᠡᠯᠡᠶ ᠲᠠᠩᠭᠢᠰ ᠬᠤᠯᠪᠤᠭᠠᠯᠠᠨ ᠬᠥᠳᠡᠯᠦᠯᠴᠡᠭᠰᠡᠨ᠂ ᠬᠠᠮᠵᠢᠯᠴᠠᠨ ᠬᠥᠭᠵᠢᠭᠰᠡᠨ ᠳᠤᠮᠳᠠᠳᠤ ᠠᠹᠷᠢᠺᠠ ᠶᠢᠨ | ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠤᠨ᠎ᠠ᠃ ᠠᠹᠷᠢᠺᠠ ᠲᠢᠪ ᠤᠨ ᠡᠬᠡ ᠬᠠᠭᠤᠷᠠᠢ ᠶᠢᠨ ᠴᠢᠯᠦᠭᠡᠲᠦ | ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠬᠠᠪᠰᠤᠷᠤᠯᠭ᠎ᠠ ᠬᠠᠩᠭᠠᠵᠤ᠂ ᠪᠠᠷᠠᠭᠠᠨ ᠤ ᠭᠦᠢᠯᠭᠡᠭᠡ ᠪᠣᠯᠣᠨ | ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠹᠷᠢᠺᠠ ᠲᠢᠪ ᠤᠨ ᠣᠷᠣᠨ ᠪᠦᠰᠡ ᠠᠯᠤᠰᠯᠠᠭᠰᠠᠨ | ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠲᠠᠪᠤᠳᠤᠭᠠᠷ ᠲᠤ᠂ ᠬᠥᠭᠵᠢᠯᠲᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠲᠢᠪ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠪᠣᠷᠣ | ᠲᠥᠯᠥᠪ ᠤᠨ ᠳᠣᠲᠣᠷ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠠᠮᠲᠤᠷᠠᠭᠰᠠᠨ ᠢᠯᠡᠷᠬᠡᠶᠢᠯᠡᠯᠲᠡ ᠶᠢ ᠨᠡᠶᠢᠲᠡᠯᠡᠵᠦ᠂ ︽ | ᠪᠠᠭ᠎ᠠ ᠮᠥᠷᠲᠡᠭᠡᠨ ᠨᠠᠷᠢᠯᠢᠭ ᠰᠠᠶᠢᠬᠠᠨ︾ ᠠᠷᠠᠳ ᠤᠨ ᠠᠮᠢᠳᠤᠷᠠᠯ ᠤᠨ 1000 ᠲᠦᠷᠦᠯ ᠵᠦᠢᠯ ᠢ ᠬᠡᠷᠡᠭᠵᠢᠭᠦᠯᠦᠨ᠎ᠡ᠃ | ᠳᠤᠮᠳᠠᠳᠤ ᠤᠯᠤᠰ — ᠳᠡᠯᠡᠬᠡᠢ ᠶᠢᠨ ᠪᠠᠩᠬᠢ ᠶᠢᠨ ᠬᠠᠨᠢᠲᠠᠨ ᠤ ᠬᠠᠷᠢᠯᠴᠠᠭᠠᠨ ᠤ ᠰᠠᠭᠤᠷᠢ ᠮᠥᠩᠭᠦ ᠳᠤ ᠪᠡᠯᠡ | ᠣᠷᠣᠭᠤᠯᠤᠨ᠎ᠠ᠃ 2026 ᠣᠨ ᠤ ᠵᠠᠯᠠᠭᠤᠴᠤᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ 2027 ᠣᠨ ᠤ | ᠠᠹᠷᠢᠺᠠ ᠲᠢᠪ ᠬᠤᠨᠳᠠᠭᠠᠲᠤ ᠤᠷᠤᠯᠳᠤᠭᠠᠨ ᠢ ᠡᠷᠭᠢᠯᠡᠭᠦ ᠶᠢ ᠳᠡᠮᠵᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠠᠬᠢᠭᠤᠯᠵᠤ | ᠳᠤᠮᠳᠠᠳᠤ ᠠᠹᠷᠢᠺᠠ ᠶᠢᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ᠃ | ᠵᠢᠷᠭᠤᠳᠤᠭᠠᠷ ᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠶᠢᠨ ᠲᠠᠯ᠎ᠠ ᠲᠠᠢ ᠳᠤᠮᠳᠠᠳᠤ ᠠᠹᠷᠢᠺᠠ ᠶᠢᠨ ᠡᠮᠨᠡᠯᠭᠡ ᠶᠢᠨ ᠬᠤᠷᠢᠶ᠎ᠠ ᠶᠢᠨ ᠬᠤᠯᠪᠤᠭ᠎ᠠ ᠶᠢ ᠪᠠᠶᠢᠭᠤᠯᠵᠤ᠂ | ᠬᠠᠮᠲᠤᠷᠠᠭᠰᠠᠨ ᠠᠨᠠᠭᠠᠬᠤ ᠤᠬᠠᠭᠠᠨ ᠤ ᠲᠥᠪ ᠢ ᠬᠠᠮᠲᠤ ᠪᠠᠷ ᠪᠠᠶᠢᠭᠤᠯᠤᠨ᠎ᠠ᠃ ᠠᠹᠷᠢᠺᠠ ᠲᠢᠪ ᠲᠤ 2000 ᠡᠮᠴᠢᠯᠡᠭᠡᠨ ᠤ | ᠠᠵᠢᠯᠲᠠᠨ ᠲᠣᠮᠢᠯᠠᠵᠤ᠂ ᠡᠮᠴᠢᠯᠡᠭᠡ ᠡᠷᠡᠭᠦᠯ ᠬᠠᠮᠠᠭᠠᠯᠠᠯ ᠪᠣᠯᠣᠨ ᠰᠢᠯᠦᠬᠡᠢ ᠡᠪᠡᠳᠴᠢᠨ ᠢ ᠡᠰᠡᠷᠭᠦᠴᠡᠬᠦ 20 ᠲᠦᠷᠦᠯ | ᠵᠦᠢᠯ ᠢ ᠬᠡᠷᠡᠭᠵᠢᠭᠦᠯᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠡᠮ ᠲᠠᠩ ᠤᠨ ᠦᠢᠯᠡᠳᠪᠦᠷᠢᠯᠡᠯ ᠳᠤ ᠪᠡᠯᠡ | ᠣᠷᠣᠭᠤᠯᠬᠤ ᠶᠢ ᠠᠬᠢᠭᠤᠯᠵᠤ᠂ ᠠᠹᠷᠢᠺᠠ ᠲᠢᠪ ᠲᠤ ᠲᠤᠯᠭᠠᠷᠠᠭᠰᠠᠨ ᠬᠢᠵᠢᠭ ᠤᠨ ᠪᠠᠶᠢᠳᠠᠯ ᠳᠤ ᠦᠷᠭᠦᠯᠵᠢᠯᠡᠨ ᠴᠢᠳᠠᠯ ᠤᠨ | ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ ᠠᠹᠷᠢᠺᠠ ᠲᠢᠪ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠹᠷᠢᠺᠠ ᠲᠢᠪ ᠤᠨ ᠡᠯ᠎ᠡ ᠤᠯᠤᠰ ᠤᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠣᠯᠣᠳᠤᠭᠠᠷ ᠲᠤ᠂ ᠲᠠᠷᠢᠶᠠᠯᠠᠩ ᠢ ᠬᠥᠭᠵᠢᠭᠦᠯᠦᠨ ᠠᠷᠠᠳ ᠲᠤ ᠠᠰᠢᠭ ᠬᠦᠷᠲᠡᠭᠡᠬᠦ ᠬᠠᠨᠢᠲᠠᠨ ᠤ ᠠᠵᠢᠯᠯᠠᠭ᠎ᠠ᠃ | ᠳᠤᠮᠳᠠᠳᠤ ᠤᠯᠤᠰ ᠠᠹᠷᠢᠺᠠ ᠲᠢᠪ ᠲᠤ 10 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠠᠮᠤ ᠪᠤᠳᠠᠭᠠᠨ ᠤ | ᠪᠠᠴᠢᠮ ᠲᠤᠰᠠᠯᠠᠮᠵᠢ ᠬᠠᠩᠭᠠᠵᠤ᠂ 10 ᠲᠦᠮᠡᠨ ᠮᠦ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠭᠦ | ᠣᠷᠣᠨ ᠢ ᠪᠠᠶᠢᠭᠤᠯᠵᠤ᠂ 500 ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠣᠮᠢᠯᠠᠨ᠂ ᠳᠤᠮᠳᠠᠳᠤ ᠠᠹᠷᠢᠺᠠ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ ᠶᠢ ᠪᠠᠶᠢᠭᠤᠯᠤᠨ᠎ᠠ᠃ | ᠨᠡᠶᠢᠲᠡ ᠶᠢᠨ ᠠᠰᠠᠷᠠᠮᠵᠢ ᠶᠢᠨ 500 ᠲᠥᠷᠥᠯ ᠵᠦᠢᠯ ᠢ ᠬᠡᠷᠡᠭᠵᠢᠭᠦᠯᠦᠨ᠎ᠡ᠃ ᠳᠤᠮᠳᠠᠳᠤ ᠠᠹᠷᠢᠺᠠ ᠶᠢᠨ ᠠᠵᠤ | ᠠᠬᠤᠶᠢᠯᠠᠯ ᠤᠨ ︽ᠥᠭᠡᠳᠡ ᠥᠭᠡᠳᠡ ᠠᠴᠠ ᠪᠠᠨ ᠲᠡᠮᠡᠦᠯᠵᠦ︾ ᠪᠡᠯᠡ ᠣᠷᠣᠭᠤᠯᠤᠨ ᠦᠢᠯᠡᠰ ᠪᠣᠰᠬᠠᠬᠤ ᠶᠢ | ᠵᠣᠷᠢᠭᠵᠢᠭᠤᠯᠵᠤ᠂ ᠠᠹᠷᠢᠺᠠ ᠲᠢᠪ ᠲᠤ 100 ᠲᠦᠮᠡ ᠠᠴᠠ ᠳᠡᠭᠡᠭᠰᠢ ᠠᠵᠢᠯ ᠤᠨ ᠪᠠᠶᠢᠷᠢ ᠡᠭᠦᠳᠴᠦ ᠥᠭᠭᠦᠨ᠎ᠡ᠃ | ᠨᠠᠢᠮᠠᠳᠤᠭᠠᠷ ᠲᠤ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠲᠢᠪ ᠯᠦᠭᠡ ︽ᠢᠷᠡᠭᠡᠳᠦᠢ ᠶᠢᠨ ᠠᠹᠷᠢᠺᠠ ᠲᠢᠪ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ︾ ᠤᠨ | ᠲᠥᠯᠥᠪᠯᠡᠭᠡ ᠶᠢ ᠭᠦᠨᠵᠡᠭᠡᠢ ᠠᠬᠢᠭᠤᠯᠵᠤ᠂ ᠢᠨᠵᠧᠨᠧᠷᠢᠩ ᠤᠨ ᠮᠡᠷᠭᠡᠵᠢᠯ ᠤᠨ ᠳᠡᠭᠡᠳᠦ ᠰᠤᠷᠭᠠᠭᠤᠯᠢ ᠶᠢ ᠬᠠᠮᠲᠤ ᠪᠠᠷ | ᠪᠠᠶᠢᠭᠤᠯᠵᠤ᠂ ︽ᠯᠦ ᠪᠠᠨ ᠦᠢᠯᠡᠳᠬᠡᠯ ᠤᠨ ᠭᠠᠵᠠᠷ︾10 ᠶᠢ ᠪᠠᠶᠢᠭᠤᠯᠤᠨ᠎ᠠ᠃ ᠠᠹᠷᠢᠺᠠ ᠲᠢᠪ ᠤᠨ ᠡᠮᠡᠭᠲᠡᠶᠢᠴᠦᠳ | ᠪᠣᠯᠣᠨ ᠵᠠᠯᠠᠭᠤᠴᠤᠳ ᠲᠤ ᠭᠤᠣᠯᠳᠠᠯᠭ᠎ᠠ ᠲᠠᠢ ᠬᠠᠨᠳᠤᠭᠤᠯᠤᠭᠰᠠᠨ᠂ ᠰᠤᠳᠤᠯᠤᠨ ᠰᠤᠷᠤᠯᠴᠠᠬᠤ ᠣᠷᠣᠨ ᠲᠤᠭ᠎ᠠ ᠶᠢ 6 | ᠲᠦᠮᠡ ᠬᠠᠩᠭᠠᠨ᠎ᠠ᠃ ᠳᠤᠮᠳᠠᠳᠤ ᠠᠹᠷᠢᠺᠠ ᠶᠢᠨ ︽ᠰᠣᠶᠣᠯ ᠤᠨ ᠲᠣᠷᠭᠠᠨ ᠵᠠᠮ︾ ᠤᠨ ᠲᠥᠯᠥᠪᠯᠡᠭᠡ ᠪᠠ ︽ᠷᠠᠳᠢᠣ᠋ | ᠲᠧᠯᠸᠢᠰ ᠤᠨ ᠬᠠᠷᠠᠭ᠎ᠠ ᠰᠣᠨᠣᠰᠬᠠᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠥᠯᠥᠪᠯᠡᠭᠡ︾ ᠶᠢ ᠬᠠᠮᠲᠤ ᠪᠠᠷ | ᠬᠡᠷᠡᠭᠵᠢᠭᠦᠯᠦᠨ᠎ᠡ᠃ 2026 ᠣᠨ ᠢ ︽ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢᠶᠠᠷ | ᠲᠣᠭᠲᠠᠭᠠᠨ᠎ᠠ᠃ | ᠶᠢᠰᠦᠳᠦᠭᠡᠷ ᠲᠤ᠂ ᠪᠣᠬᠢᠷᠳᠤᠯ ᠦᠭᠡᠢ ᠬᠥᠭᠵᠢᠯᠲᠡ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ | ᠠᠹᠷᠢᠺᠠ ᠲᠢᠪ ᠲᠤ 30 ᠴᠡᠪᠡᠷ ᠡᠨᠧᠷᠭᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠴᠠᠭ ᠠᠭᠤᠷ ᠤᠨ ᠡᠬᠢᠨ ᠤ ᠦᠶ᠎ᠡ ᠶᠢᠨ | ᠤᠷᠢᠳᠴᠢᠯᠠᠨ ᠰᠡᠷᠡᠮᠵᠢᠯᠡᠭᠦᠯᠭᠦ ᠲᠤᠬᠠᠶᠢᠯᠠᠭᠰᠠᠨ ᠠᠵᠢᠯ ᠤᠨ ᠲᠠᠪᠴᠠᠩ ᠢ ᠪᠠᠶᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠲᠤᠷᠠᠯᠴᠠᠭ᠎ᠠ | ᠥᠷᠨᠢᠭᠦᠯᠦᠨ᠎ᠡ᠃ ᠳᠤᠮᠳᠠᠳᠤ ᠠᠹᠷᠢᠺᠠ ᠶᠢᠨ ᠴᠥᠮ᠎ᠡ ᠶᠢᠨ ᠮᠡᠷᠭᠡᠵᠢᠯ ᠢ ᠨᠠᠶᠢᠷᠠᠮᠳᠠᠯ ᠢᠶᠠᠷ ᠠᠰᠢᠭᠯᠠᠬᠤ ᠶᠠᠷᠢᠶᠠᠨ ᠤ | ᠲᠠᠪᠴᠠᠩ ᠢ ᠪᠠᠶᠢᠭᠤᠯᠵᠤ᠂ ᠳᠠᠭᠠᠭᠤᠯᠢ ᠤᠳᠤᠨ ᠤ ᠠᠯᠤᠰ ᠰᠡᠷᠡᠯ᠂ ᠰᠠᠷᠠᠨ ᠪᠥᠮᠪᠥᠷᠴᠡᠭ ᠪᠠ ᠭᠦᠨ ᠣᠭᠲᠠᠷᠭᠤᠢ ᠶᠢ | ᠬᠠᠶᠢᠨ ᠬᠡᠮᠵᠢᠬᠦ ᠬᠠᠮᠲᠤᠷᠠᠯᠴᠠᠭ᠎ᠠ ᠥᠷᠨᠢᠭᠦᠯᠵᠦ᠂ ᠠᠹᠷᠢᠺᠠ ᠲᠢᠪ ᠤᠨ ᠪᠣᠬᠢᠷᠳᠤᠯ ᠦᠭᠡᠢ ᠬᠥᠭᠵᠢᠯᠲᠡ ᠶᠢ ᠪᠡᠶᠡᠯᠡᠭᠦᠯᠬᠦ ᠳᠤ | ᠬᠦᠴᠦᠨ ᠨᠡᠮᠡᠷᠢᠯᠡᠨ᠎ᠡ᠃ | ᠠᠷᠪᠠᠳᠤᠭᠠᠷ ᠲᠤ᠂ ᠠᠮᠤᠷ ᠲᠦᠪᠰᠢᠨ ᠢ ᠬᠠᠮᠲᠤ ᠪᠠᠷ ᠴᠣᠭᠴᠠᠯᠠᠬᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ | ᠳᠤᠷᠠᠲᠠᠶ᠎ᠠ ᠠᠹᠷᠢᠺᠠ ᠶᠢᠨ ᠲᠠᠯ᠎ᠠ ᠲᠠᠢ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠬᠠᠨᠢᠲᠠᠨ ᠤ | ᠬᠠᠷᠢᠯᠴᠠᠭ᠎ᠠ ᠶᠢ ᠨᠠᠶᠢᠳᠠᠪᠤᠷᠢᠵᠢᠭᠤᠯᠵᠤ᠂ ᠠᠹᠷᠢᠺᠠ ᠶᠢᠨ ᠲᠠᠯ᠎ᠠ ᠳᠤ 6000 ᠴᠡᠷᠢᠭ ᠠᠩᠭᠢ ᠶᠢᠨ ᠴᠢᠳᠠᠪᠤᠷᠢᠲᠠᠨ ᠪᠣᠯᠣᠨ | 1000 ᠴᠠᠭᠳᠠᠭᠠᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯᠲᠠᠨ ᠢ ᠪᠣᠯᠪᠠᠰᠤᠷᠠᠭᠤᠯᠤᠨ ᠥᠭᠴᠦ᠂ 500 ᠵᠠᠯᠠᠭᠤ | ᠴᠡᠷᠢᠭ ᠤᠨ ᠳᠠᠷᠤᠭ᠎ᠠ ᠶᠢ ᠤᠷᠢᠵᠤ ᠳᠤᠮᠳᠠᠳᠤ ᠤᠯᠤᠰ ᠲᠤ ᠠᠶᠢᠯᠴᠢᠯᠠᠭᠤᠯᠤᠨ᠎ᠠ᠃ ᠳᠤᠮᠳᠠᠳᠤ ᠠᠹᠷᠢᠺᠠ ᠶᠢᠨ ᠴᠡᠷᠢᠭ | ᠠᠩᠭᠢ ᠶᠢᠨ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠪᠣᠯᠪᠠᠰᠤᠷᠠᠯ ᠪᠠ ᠬᠠᠮᠲᠤᠷᠠᠭᠰᠠᠨ ᠴᠠᠭᠳᠠᠨ ᠪᠠᠶᠢᠴᠠᠭᠠᠯᠲᠠ ᠶᠢ | ᠥᠷᠨᠢᠭᠦᠯᠵᠦ᠂ ︽ᠠᠹᠷᠢᠺᠠ ᠲᠢᠪ ᠤᠨ ᠠᠶᠤᠩᠭ᠎ᠠ ᠶᠢᠨ ᠠᠶᠤᠯ ᠠᠴᠠ ᠮᠤᠯᠲᠤᠷᠠᠬᠤ ᠳᠤ ᠲᠤᠰᠠᠯᠠᠬᠤ ᠠᠵᠢᠯᠯᠠᠭ᠎ᠠ︾ ᠶᠢ | ᠬᠡᠷᠡᠭᠵᠢᠭᠦᠯᠵᠦ᠂ ᠠᠵᠢᠯᠲᠠᠨ ᠪᠠ ᠲᠦᠷᠦᠯ ᠵᠦᠢᠯ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ᠃ | ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠳᠤᠮᠳᠠᠳᠤ | ᠤᠯᠤᠰ ᠤᠨ ᠵᠠᠰᠠᠭ ᠤᠨ ᠣᠷᠳᠣᠨ ᠳᠤᠷᠠᠲᠠᠶ᠎ᠠ ᠳᠤᠮᠳᠠᠳᠤ ᠠᠹᠷᠢᠺᠠ ᠶᠢᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠳᠤ ᠬᠦᠴᠦᠲᠡᠢ ᠳᠡᠮᠵᠢᠯᠭᠡ ᠬᠠᠩᠭᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠲᠠ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ | ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠃ ᠡᠨᠡ ᠨᠢ ᠳᠤᠮᠳᠠᠳᠤ ᠤᠯᠤᠰ ᠢ ᠤᠯᠠᠮ ᠨᠢᠭᠡ ᠠᠯᠬᠤᠮ ᠭᠦᠨᠵᠡᠭᠡᠢ | ᠬᠤᠪᠢᠷᠠᠭᠤᠯᠬᠤ ᠪᠥᠭᠡᠳ ᠠᠹᠷᠢᠺᠠ ᠲᠢᠪ ᠤᠨ ᠤᠯᠤᠰ ᠤᠳ ᠲᠤ ᠳᠤᠮᠳᠠᠳᠤ ᠠᠹᠷᠢᠺᠠ ᠶᠢᠨ ᠬᠠᠮᠲᠤ ᠪᠠᠷ | ᠣᠳᠣᠬᠢᠴᠢᠯᠠᠯᠲᠠ ᠶᠢᠨ ᠵᠡᠭᠦᠳᠦ ᠶᠢ ᠬᠥᠭᠡᠭᠡᠴᠡᠯᠳᠦᠬᠦ ᠳᠤ ᠰᠢᠨ᠎ᠡ ᠠᠵᠠ ᠲᠣᠭᠢᠶᠠᠯ ᠬᠠᠩᠭᠠᠵᠤ᠂ ᠰᠢᠨ᠎ᠡ ᠬᠥᠳᠡᠯᠭᠡᠬᠦ | ᠴᠢᠳᠠᠪᠤᠷᠢ ᠨᠡᠮᠡᠷᠢᠯᠡᠬᠦ ᠨᠢ ᠯᠠᠪᠲᠠᠢ ᠶᠤᠮ᠃ ᠠᠹᠷᠢᠺᠠ ᠲᠢᠪ ᠲᠤ ︽ᠵᠠᠮ ᠨᠢᠭᠡᠲᠡᠨ ᠪᠣᠯ ᠰᠠᠶ᠋ᠢ ᠵᠢᠩᠬᠢᠨᠢ ᠨᠠᠶᠢᠵᠠ ᠮᠥᠨ︾ | ᠭᠡᠰᠡᠨ ᠵᠦᠢᠷ ᠦᠭᠡ ᠪᠠᠶᠢᠳᠠᠭ᠃ ᠣᠳᠣᠬᠢᠴᠢᠯᠠᠯᠲᠠ ᠶᠢᠨ ᠵᠠᠮ ᠳᠡᠭᠡᠷ᠎ᠡ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ᠂ | ᠨᠢᠭᠡ ᠤᠯᠤᠰ ᠢ ᠴᠤ ᠬᠤᠴᠣᠷᠤᠭᠤᠯᠵᠤ ᠪᠤᠯᠬᠤ ᠦᠭᠡᠢ᠃ ᠪᠢᠳᠡ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ | ᠠᠷᠠᠳ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠶᠠᠨ ᠳᠤ ᠭᠠᠷ ᠬᠤᠯᠪᠣᠨ | ᠬᠠᠮᠲᠤ ᠪᠠᠷ ᠤᠷᠤᠭᠰᠢᠯᠠᠵᠤ᠂ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ ᠤᠨ ᠣᠳᠣᠬᠢᠴᠢᠯᠠᠯᠲᠠ ᠳᠤ ᠬᠦᠴᠦᠨ ᠨᠡᠮᠡᠷᠢᠯᠡᠵᠦ᠂ ᠬᠥᠮᠥᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ | ᠳᠡᠭᠡᠷᠡᠬᠢ ᠴᠣ ᠰᠢᠨ᠎ᠡ ᠵᠢᠷᠤᠭ ᠲᠥᠰᠥᠪ ᠢ ᠵᠢᠷᠤᠭᠯᠠᠵᠤ᠂ ᠳᠡᠯᠡᠬᠡᠢ ᠳ᠋ᠠᠬᠢᠨ ᠤ ᠡᠩᠬᠡ ᠲᠠᠶᠢᠪᠤᠩ᠂ ᠠᠮᠤᠷ ᠲᠦᠪᠰᠢᠨ᠂ | ᠬᠥᠭᠵᠢᠯ ᠴᠡᠴᠡᠭᠯᠡᠯ᠂ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠬᠠᠮᠲᠤ ᠪᠠᠷ ᠠᠬᠢᠭᠤᠯᠤᠶ᠎ᠠ | ᠭᠡᠵᠦ ᠴᠢᠬᠤᠯᠠᠴᠢᠯᠠᠪᠠ᠃ ︵ᠪᠦᠭᠦ ᠠᠭᠤᠯᠭ᠎ᠠ ᠶᠢ ᠠᠰ ᠲᠤᠨᠢ ᠨᠡᠶᠢᠲᠡᠯᠡᠨ᠎ᠡ︶ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ ᠤᠯᠤᠰ | ᠰᠧᠨᠧᠭᠠᠯ ᠤᠨ ᠶᠡᠷᠦᠩᠬᠡᠶᠢᠯᠡᠭᠴᠢ ᠹᠠᠶᠧ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ | ᠤᠯᠤᠰ ᠮᠠᠦ᠋ᠷᠢᠲ᠋ᠠᠨᠢᠶ᠎ᠠ ᠶᠢᠨ ᠶᠡᠷᠦᠩᠬᠡᠶᠢᠯᠡᠭᠴᠢ ᠵᠢᠶᠠᠽᠸᠠᠨᠢ᠂ ᠠᠹᠷᠢᠺᠠ ᠲᠢᠪ ᠤᠨ ᠳᠡᠳ᠋ ᠣᠷᠣᠨ ᠪᠦᠰᠡ ᠶᠢᠨ ᠲᠥᠯᠥᠭᠡᠯᠡᠭᠴᠢ | ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ᠂ ᠺᠣᠩᠭᠣ᠋ ︵ᠪᠷᠡᠽᠸᠢᠯ︶ ᠶᠢᠨ ᠶᠡᠷᠦᠩᠬᠡᠶᠢᠯᠡᠭᠴᠢ ᠰᠠᠰᠥ᠋᠂ | ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠥ᠋ᠪᠦ᠋᠂ ᠲᠠᠨᠽᠠᠨᠢᠶ᠎ᠠ ᠶᠢᠨ ᠶᠡᠷᠦᠩᠬᠡᠶᠢᠯᠡᠭᠴᠢ ᠬᠠᠰᠠᠩ᠂ ᠲᠦᠷᠦᠭᠦᠴᠦᠳ ᠤᠨ | ᠬᠤᠷᠠᠯ ᠤᠨ ᠣᠨᠴᠠ ᠤᠷᠢᠭᠰᠠᠨ ᠵᠣᠴᠢᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ | ᠳᠠᠷᠤᠭ᠎ᠠ ᠭᠦᠲ᠋ᠧᠯᠸᠶᠢᠰ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠹᠠᠵᠢ ᠪᠠᠰᠠ | ᠡᠭᠢᠯᠡᠯᠲᠡ ᠶᠢᠨ ᠶᠣᠰᠣᠯᠠᠯ ᠳᠤ ᠪᠠᠶᠠᠷ ᠤᠨ ᠦᠭᠡ ᠬᠡᠯᠡᠪᠡ᠃ | ᠠᠹᠷᠢᠺᠠ ᠲᠢᠪ ᠤᠨ ᠬᠢᠨ ᠤ ᠤᠳᠤᠷᠢᠳᠬᠤ ᠬᠥᠮᠥᠰ ᠳᠤᠮᠳᠠᠳᠤ ᠤᠯᠤᠰ ᠤᠨ ᠡᠨᠡ ᠤᠳᠠᠭ᠎ᠠ ᠶᠢᠨ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢ ᠭᠤᠣᠯᠯᠠᠨ | ᠡᠷᠭᠢᠯᠡᠭᠰᠡᠨ ᠳᠤ ᠲᠠᠯᠠᠷᠬᠠᠵᠤ᠂ ᠠᠹᠷᠢᠺᠠ ᠳᠤᠮᠳᠠᠳᠤ ᠶᠢᠨ ᠭᠦᠨ ᠵᠤᠵᠠᠭᠠᠨ ᠤᠯᠠᠮᠵᠢᠯᠠᠯᠲᠤ ᠨᠥᠬᠦᠷᠯᠡᠯ ᠪᠣᠯᠣᠨ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠠᠴᠠ ᠨᠠᠭᠠᠰᠢ ᠢᠯᠠᠩᠭᠤᠶ᠎ᠠ 2018 | ᠣᠨ ᠤ ᠪᠡᠭᠡᠵᠢᠩ ᠤᠨ ᠲᠦᠷᠦᠭᠦᠴᠦᠳ ᠤᠨ ᠬᠤᠷᠠᠯ ᠠᠴᠠ ᠨᠠᠭᠠᠰᠢ ᠣᠯᠣᠭᠰᠠᠨ ᠢᠳᠡᠪᠬᠢᠲᠡᠢ ᠦᠷ᠎ᠡ ᠪᠦᠲᠦᠭᠡᠯ ᠢ ᠳᠡᠭᠡᠳᠦ | ᠬᠡᠮᠵᠢᠶ᠎ᠡ ᠪᠠᠷ ᠦᠨᠡᠯᠡᠵᠦ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠳᠤᠮᠳᠠᠳᠤ ᠠᠹᠷᠢᠺᠠ ᠶᠢᠨ ᠭᠠᠷ ᠬᠤᠯᠪᠣᠯᠴᠠᠨ | ᠣᠳᠣᠬᠢᠴᠢᠯᠠᠯᠲᠠ ᠶᠢ ᠠᠬᠢᠭᠤᠯᠬᠤ ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠳᠡᠭᠡᠳᠦ ᠬᠡᠮᠵᠢᠶ᠎ᠡ ᠪᠠᠷ ᠮᠠᠭᠲᠠᠨ | ᠰᠠᠶᠢᠰᠢᠶᠠᠪᠠ᠃ ᠳᠡᠳᠡ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠠᠹᠷᠢᠺᠠ | ᠳᠤᠮᠳᠠᠳᠤ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠪᠦᠲᠦᠮᠵᠢᠲᠡᠢ ᠲᠠᠪᠴᠠᠩ ᠪᠤᠯᠬᠤ ᠪᠠᠷ ᠪᠠᠷᠠᠬᠤ | ᠦᠭᠡᠢ ᠪᠠᠰᠠ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠬᠤ ᠭᠡᠷᠡᠯ ᠰᠠᠴᠤᠷᠠᠩᠭᠤᠢ | ᠬᠡᠪ ᠳᠠᠭᠤᠷᠢᠶᠠᠯ ᠪᠣᠯᠵᠠᠢ᠃ ᠶᠠᠷᠢᠶᠠᠨ ᠤ ᠲᠠᠪᠴᠠᠩ ᠤᠨ ᠬᠠᠮᠲᠤᠷᠠᠯᠴᠠᠭ᠎ᠠ ᠨᠢ ᠨᠥᠬᠦᠷᠯᠡᠯ᠂ ᠬᠦᠨᠳᠦᠳᠬᠡᠯ ᠪᠠ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠲᠡᠭᠦ ᠳᠤ ᠰᠠᠭᠤᠷᠢᠯᠠᠵᠤ᠂ ᠳᠤᠮᠳᠠᠳᠤ ᠤᠯᠤᠰ ᠤᠨ ᠠᠹᠷᠢᠺᠠ ᠲᠢᠪ ᠯᠦᠭᠡ ᠶᠢᠨ | ᠬᠠᠮᠲᠤᠷᠠᠯᠴᠠᠭ᠎ᠠ ᠶᠠᠮᠠᠷᠪᠠ ᠤᠯᠤᠰ ᠲᠦᠷᠦ ᠶᠢᠨ ᠨᠡᠮᠡᠯᠲᠡ ᠨᠥᠬᠦᠴᠡᠯ ᠪᠠᠶᠢᠬᠤ ᠦᠭᠡᠢ ᠨᠢ ᠠᠹᠷᠢᠺᠠ ᠲᠢᠪ ᠤᠨ | ᠤᠯᠤᠰ ᠤᠳ ᠤᠨ ᠬᠤᠯᠪᠣᠯᠳᠤᠨ ᠨᠡᠪᠲᠡᠷᠡᠯᠴᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠡᠭᠡ ᠪᠠᠷ ᠠᠬᠢᠭᠤᠯᠪᠠ᠃ | ᠣᠳᠣᠬᠠᠨ ᠤ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠳᠣᠣᠷ᠎ᠠ ᠳᠤᠮᠳᠠᠳᠤ ᠤᠯᠤᠰ ᠯᠤᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠨᠢ ᠠᠹᠷᠢᠺᠠ ᠲᠢᠪ ᠤᠨ ᠤᠯᠤᠰ ᠤᠳ ᠤᠨ ᠠᠮᠤᠷ ᠲᠦᠪᠰᠢᠨ᠂ ᠲᠣᠭᠲᠠᠭᠤᠨ ᠪᠠ | ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠦᠰᠡᠯ ᠡᠷᠡᠮᠡᠯᠵᠡᠯ ᠪᠣᠯᠵᠠᠢ᠃ ᠠᠹᠷᠢᠺᠠ ᠳᠤᠮᠳᠠᠳᠤ ᠶᠢᠨ ᠣᠶᠢᠯᠠᠭᠠᠭᠳᠠᠬᠤᠨ | ᠤᠶᠢᠷᠠᠯᠴᠠᠭ᠎ᠠ ᠶᠤᠮ᠃ ᠠᠹᠷᠢᠺᠠ ᠲᠢᠪ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠬᠤᠯᠠ ᠣᠶᠢᠯᠠᠭᠠᠭᠳᠠᠬᠤᠨ ᠪᠣᠯᠣᠨ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠬᠤ ᠶᠢᠨ ᠬᠠᠮᠲᠤ ᠪᠦᠷᠢᠮᠦᠰᠦᠨ ᠲᠡᠮᠵᠢᠵᠤ᠂ ᠳᠤᠷᠠᠲᠠᠶ᠎ᠠ | ᠳᠤᠮᠳᠠᠳᠤ ᠤᠯᠤᠰ ᠲᠠᠢ ᠬᠠᠮᠲᠤ ᠪᠠᠷ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠰᠠᠨᠠᠭᠠᠴᠢᠯᠠᠵᠤ᠂ ᠡᠯ᠎ᠡ | ᠤᠯᠤᠰ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠶᠢ | ᠲᠡᠮᠵᠢᠨ᠎ᠠ᠃ ᠠᠹᠷᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ | ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠨᠢᠭᠡᠳᠦᠯ ᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ | ᠴᠢᠷᠮᠠᠶᠢᠯᠭ᠎ᠠ ᠶᠢ ᠡᠷᠡᠰ ᠳᠡᠮᠵᠢᠵᠦ᠂ ᠭᠠᠳᠠᠭᠠᠳᠤ ᠶᠢᠨ ᠬᠦᠴᠦᠨ ᠤ ᠲᠠᠶᠢᠸᠠᠨ᠂ ᠬᠥᠮᠥᠨ ᠤ ᠡᠷᠬᠡ ᠵᠡᠷᠭᠡ ᠠᠰᠠᠭᠤᠳᠠᠯ ᠢ | ᠠᠰᠢᠭᠯᠠᠨ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠠᠹᠷᠢᠺᠠ | ᠲᠢᠪ ᠤᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠨᠢ ᠠᠹᠷᠢᠺᠠ ᠲᠢᠪ ᠤᠨ ᠤᠯᠤᠰ ᠤᠳ ᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠤ | ᠨᠡᠩ ᠤᠯᠠᠨ ᠬᠥᠭᠵᠢᠯᠲᠡ ᠶᠢᠨ ᠠᠵᠠ ᠲᠣᠭᠢᠶᠠᠯ ᠠᠪᠴᠢᠷᠠᠬᠤ ᠶᠢ ᠢᠲᠡᠭᠡᠵᠦ ᠪᠠᠶᠢᠨ᠎ᠠ᠃ ᠠᠹᠷᠢᠺᠠ ᠲᠢᠪ ᠤᠨ ᠬᠢᠨ | ᠳᠤᠷᠠᠲᠠᠶ᠎ᠠ ᠳᠤᠮᠳᠠᠳᠤ ᠤᠯᠤᠰ ᠯᠤᠭ᠎ᠠ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠳᠤᠮᠳᠠᠳᠤ | ᠠᠹᠷᠢᠺᠠ ᠶᠢᠨ ᠨᠥᠭᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠲᠤᠰ ᠤᠳᠠᠭ᠎ᠠ ᠶᠢᠨ | ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢᠵᠢᠯᠲᠡ | ᠪᠣᠯᠣᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠭᠠᠷ ᠬᠤᠯᠪᠣᠨ ᠠᠬᠢᠭᠤᠯᠵᠤ᠂ ᠰᠢᠨ᠎ᠡ ᠴᠠᠭ ᠦᠶ᠎ᠡ ᠶᠢᠨ ᠴᠠᠭ | ᠮᠥᠴᠡ ᠪᠦᠭᠦᠨ ᠤ ᠠᠹᠷᠢᠺᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠡᠩᠬᠡ | ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ ᠲᠠᠪᠰᠢᠯᠳᠠ ᠲᠠᠢ ᠭᠡᠭᠡᠨ ᠰᠠᠷᠠᠭᠤᠯ ᠢᠷᠡᠭᠡᠳᠦᠢ ᠲᠡᠶᠢᠰᠢ ᠬᠠᠮᠲᠤ ᠪᠠᠷ | ᠤᠷᠤᠭᠰᠢᠯᠠᠨ᠎ᠠ ᠭᠡᠵᠦ ᠢᠯᠡᠳᠬᠡᠵᠡᠭᠡᠪᠡ᠃ | ᠲᠦᠷᠦᠭᠦᠴᠦᠳ ᠤᠨ ᠬᠤᠷᠠᠯ ᠠᠴᠠ ︽ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠳᠤ ᠳᠤᠮᠳᠠᠳᠤ | ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ ᠪᠡᠭᠡᠵᠢᠩ ᠤᠨ ᠲᠤᠩᠬᠠᠭ︾ | ᠂ ︽ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ — ᠪᠡᠭᠡᠵᠢᠩ ᠤᠨ ᠠᠵᠢᠯᠯᠠᠭᠠᠨ ᠤ | ᠲᠥᠯᠥᠪᠯᠡᠭᠡ ︵2025 — 2027︶︾ ᠶᠢ ᠪᠠᠲᠤᠯᠠᠪᠠ᠃ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ ᠪᠦᠷᠢᠯᠳᠦᠭᠦᠨ | ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ᠂ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠵᠢᠴᠢ | ᠤᠯᠠᠨ ᠤᠯᠤᠰ ᠤᠨ ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ ᠳᠤᠮᠳᠠᠳᠤ | ᠭᠠᠳᠠᠭᠠᠳᠤ ᠶᠢᠨ ᠡᠯ᠎ᠡ ᠡᠲᠡᠭᠡᠳ ᠤᠨ 3200 ᠭᠠᠷᠤᠢ ᠬᠥᠮᠥᠨ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃ | ᠶᠢᠨ ᠯᠢ᠂ ᠯᠢ ᠱᠤ᠋ ᠯᠧᠢ᠂ ᠾᠧ ᠯᠢ ᠹᠧᠩ᠂ ᠸᠠᠩ ᠰᠢᠶᠣᠣ ᠬᠤᠩ ᠨᠠᠷ ᠬᠤᠷᠠᠯ ᠳᠤ ᠣᠷᠣᠯᠴᠠᠪᠠ᠃ | ᠸᠠᠩ ᠢ ᠡᠭᠢᠯᠡᠯᠲᠡ ᠶᠢᠨ ᠶᠣᠰᠣᠯᠠᠯ ᠢ ᠡᠷᠭᠢᠯᠡᠪᠡ᠃ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ 2000 ᠣᠨ ᠳᠤ ᠪᠠᠶᠢᠭᠤᠯᠤᠭᠳᠠᠵᠤ᠂ | ᠣᠳᠣᠬᠠᠨ ᠳᠤ ᠳᠤᠮᠳᠠᠳᠤ ᠤᠯᠤᠰ᠂ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ | 53 ᠤᠯᠤᠰ ᠪᠠ ᠠᠹᠷᠢᠺᠠ ᠲᠢᠪ ᠤᠨ ᠤᠯᠤᠰ ᠤᠳ ᠤᠨ ᠬᠤᠯᠪᠣᠭᠠᠨ ᠤ ᠵᠥᠪᠯᠡᠯ ᠵᠡᠷᠭᠡ ᠨᠡᠶᠢᠲᠡ 55 ᠪᠦᠷᠢᠯᠳᠦᠭᠦᠨ | ᠪᠠᠶᠢᠨ᠎ᠠ᠃ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠭᠤᠣᠯ ᠰᠡᠳᠦᠪ ᠨᠢ ︽ᠭᠠᠷ ᠬᠤᠯᠪᠣᠨ | ᠣᠳᠣᠬᠢᠴᠢᠯᠠᠯᠲᠠ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ︾ ᠪᠣᠯᠣᠨ᠎ᠠ᠃ ᠡᠭᠢᠯᠡᠯᠲᠡ ᠶᠢᠨ ᠶᠣᠰᠣᠯᠠᠯ ᠤᠨ ᠳᠠᠷᠠᠭ᠎ᠠ ᠪᠠᠰᠠ | ᠲᠦᠷᠦ ᠶᠢ ᠵᠠᠰᠠᠵᠤ ᠵᠠᠰᠠᠭ ᠢ ᠡᠷᠭᠢᠯᠡᠭᠦ᠂ ᠠᠵᠤ ᠦᠢᠯᠡᠳᠪᠦᠷᠢᠵᠢᠯᠲᠡ ᠪᠣᠯᠣᠨ ᠲᠠᠷᠢᠶᠠᠯᠠᠩ ᠤᠨ ᠣᠳᠣᠬᠢᠴᠢᠯᠠᠯᠲᠠ᠂ ᠡᠩᠬᠡ | ᠲᠠᠶᠢᠪᠤᠩ ᠠᠮᠤᠷ ᠲᠦᠪᠰᠢᠨ ᠪᠣᠯᠣᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ | ᠪᠠᠷ ᠭᠤᠣᠯ ᠰᠡᠳᠦᠪ ᠪᠤᠯᠭᠠᠬᠰᠠᠨ 4 ᠲᠠᠯᠠᠪᠤᠷ ᠳᠡᠭᠡᠳᠦ ᠲᠡᠰ ᠤᠨ ᠬᠤᠷᠠᠯ ᠬᠤᠷᠠᠯᠳᠤᠭᠤᠯᠤᠨ᠎ᠠ᠃ | |