ᠰᠢᠨ ᠰᠢᠨ ᠵᠢᠶᠠ ᠶᠤᠸᠠᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠭᠡᠪᠡ | ᠰᠢᠨ ᠰᠢᠨ ᠵᠢᠶᠠ ᠶᠤᠸᠠᠨ ᠰᠠᠭᠤᠭᠠᠯᠢ ᠲᠣᠭᠤᠷᠢᠭ ᠤᠨ ︽ᠳᠤᠯᠠᠭᠠᠨ ᠢᠨᠵᠧᠨᠧᠷᠢᠩ︾ ᠢ ᠥᠭᠡᠷᠡᠴᠢᠯᠡᠨ | ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠴᠢᠳ ᠲᠣᠰ ᠲᠣᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠵᠦ᠂ ᠶᠠᠭᠠᠷᠠᠯᠲᠠᠶ ᠪᠥᠭᠡᠳ ᠡᠮᠬᠢ ᠵᠢᠷᠤᠮ ᠲᠠᠢ ᠪᠠᠶᠢᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠪᠠᠷ ᠴᠢᠷᠮᠠᠶᠢᠵᠤ ᠪᠠᠶᠢᠨ᠎ᠠ᠃ | ᠣᠶᠢᠷ᠎ᠠ ᠳᠤ᠂ ᠰᠤᠷᠪᠤᠯᠵᠢᠯᠠᠭᠴᠢ ᠰᠢᠨ ᠰᠢᠨ ᠵᠢᠶᠠ ᠶᠤᠸᠠᠨ ᠰᠠᠭᠤᠭᠠᠯᠢ ᠲᠣᠭᠤᠷᠢᠭ ᠤᠨ ᠡᠭᠦᠳᠡᠨ ᠳᠤ | ᠠᠵᠢᠯᠴᠢᠳ ᠢᠯᠴᠢ ᠬᠠᠩᠭᠠᠬᠤ ᠰᠢᠨ᠎ᠡ ᠬᠤᠭᠤᠯᠠᠶ ᠶᠢᠨ ᠨᠢᠭᠡ ᠰᠢᠷᠬᠡᠭ ᠢ ᠤᠳᠬᠤᠭᠤᠷ ᠲᠡᠷᠭᠡᠨ ᠳᠡᠭᠡᠷ᠎ᠡ ᠤᠶᠠᠵᠤ᠂ | ᠵᠢᠵᠢᠭ ᠲᠣᠭᠤᠷᠢᠭ ᠤᠨ ᠳᠣᠲᠣᠭᠠᠳᠤ ᠳᠤ ᠵᠥᠭᠡᠭᠡᠪᠦᠷᠢᠯᠡᠵᠦ ᠪᠠᠶᠢᠬᠤ ᠶᠢ ᠣᠯᠵᠤ ᠬᠠᠷᠠᠪᠠ᠃ | ︽ᠮᠢᠨᠤ ᠠᠷᠤ ᠳᠤ ᠪᠠᠷᠢᠵᠤ ᠪᠠᠶᠢᠭ᠎ᠠ ᠡᠨᠡ ᠬᠡᠰᠡᠭ ᠪᠣᠯ ᠰᠢᠨ᠎ᠡ ᠭᠡᠷ ᠣᠷᠣᠨ ᠤ ᠭᠤᠣᠯ ᠬᠤᠭᠤᠯᠠᠶ ᠶᠢᠨ | ᠥᠭᠡᠷᠡᠴᠢᠯᠡᠯᠲᠡ ᠪᠣᠯᠤᠨ᠎ᠠ᠂ ᠤᠳᠤ ᠶᠠᠭ ᠬᠤᠭᠤᠯᠠᠢ ᠶᠢ ᠪᠦᠳᠦᠬᠦᠯᠢᠭ ᠪᠣᠯᠭᠠᠵᠤ ᠪᠠᠶᠢᠨ᠎ᠠ᠃ ᠡᠨᠡ ᠬᠡᠰᠡᠭ ᠨᠢ | ᠭᠤᠤᠯᠳᠠᠭᠤ ᠰᠢᠨ ᠰᠢᠨ ᠰᠠᠭᠤᠭᠠᠯᠢ ᠲᠣᠭᠤᠷᠢᠭ ᠢᠯᠴᠢ ᠬᠠᠩᠭᠠᠬᠤ ᠬᠤᠭᠤᠯᠠᠶ ᠶᠢᠨ ᠲᠣᠤᠷ ᠪᠠᠶᠢᠵᠤ᠂ ᠭᠤᠤᠯ | ᠬᠤᠭᠤᠯᠠᠶ ᠶᠢ ᠦᠨᠳᠦᠰᠦᠨ ᠳᠡᠭᠡᠨ ᠪᠡᠶᠡᠯᠡᠭᠦᠯᠪᠡ᠃ ᠲᠤᠬᠠᠢ ᠶᠢᠨ ᠲᠠᠯᠠᠪᠠᠢ ᠶᠢᠨ ᠪᠠᠷᠢᠯᠭ᠎ᠠ ᠶᠢᠨ ᠬᠠᠷᠢᠭᠤᠴᠠᠯᠭᠠᠲᠠᠨ | ᠵᠠᠩ ᠠᠢ ᠱᠦ᠋ ᠬᠡᠯᠡᠪᠡ᠃ | ᠰᠠᠭᠤᠭᠠᠯᠢ ᠠᠷᠠᠳ ᠤᠨ ᠲᠣᠭᠤᠷᠢᠭ ᠤᠨ ᠳᠣᠲᠣᠭᠠᠳᠤ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ | ᠲᠠᠯᠠᠪᠤᠷ ᠤᠨ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠠᠵᠢᠯᠴᠢᠳ ᠬᠥᠯᠥᠰᠥ ᠠᠰᠬᠠᠷᠠᠭᠤᠯᠤᠨ᠂ ᠪᠠᠴᠢᠮ | ᠶᠠᠭᠠᠷᠠᠯᠲᠠᠶ ᠪᠠᠶᠢᠵᠤ᠂ ᠡᠯ᠎ᠡ ᠮᠠᠰᠢᠨ ᠮᠧᠬᠠᠨᠢᠭ ᠰᠦᠯᠵᠢᠯᠳᠦᠨ ᠶᠠᠪᠤᠯᠴᠠᠵᠤ᠂ ᠡᠯ᠎ᠡ ᠥᠭᠡᠷᠡᠴᠢᠯᠡᠯᠲᠡ ᠶᠢᠨ ᠲᠥᠷᠥᠯ | ᠵᠦᠢᠯ ᠤᠨ ᠪᠠᠷᠢᠯᠭ᠎ᠠ ᠶᠢᠨ ᠠᠬᠢᠴᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ | ᠪᠠᠢᠨ᠎ᠠ᠃ | ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠥᠭᠡᠷᠡᠴᠢᠯᠡᠯᠲᠡ ᠶᠢᠨ ᠲᠥᠷᠥᠯ ᠵᠦᠢᠯ ᠨᠢ ᠰᠢᠨ | ᠰᠢᠨ ᠵᠢᠶᠠ ᠶᠤᠸᠠᠨ ᠵᠢᠵᠢᠭ ᠲᠣᠭᠤᠷᠢᠭ ᠤᠨ 25 ᠳ᠋ᠤᠭᠠᠷ ᠨᠣᠮᠧᠷ ᠠᠴᠠ 29 ᠳ᠋ᠦᠭᠡᠷ ᠨᠣᠮᠧᠷᠲᠤ ᠠᠰᠠᠷ ᠲᠤ ᠢᠯᠴᠢ | ᠬᠠᠩᠭᠠᠬᠤ ᠬᠤᠭᠤᠯᠠᠶ᠂ ᠪᠣᠬᠢᠷ ᠤᠰᠤᠨ ᠤ ᠬᠤᠭᠤᠯᠠᠶ᠂ ᠪᠣᠷᠣᠭᠠᠨ ᠤ ᠤᠰᠤᠨ ᠤ ᠬᠤᠭᠤᠯᠠᠶ᠂ ᠴᠢᠮᠡᠭᠡ ᠬᠤᠯᠪᠣᠭ᠎ᠠ | ᠴᠠᠬᠢᠯᠭᠠᠨ ᠬᠦᠴᠦᠨ ᠤ ᠬᠤᠭᠤᠯᠠᠶ᠂ ᠭᠠᠵᠠᠷ ᠤᠨ ᠭᠠᠳᠠᠷᠭᠤ ᠶᠢ ᠬᠠᠲᠠᠭᠤᠷᠠᠭᠤᠯᠬᠤ᠂ ᠭᠡᠷᠡᠯᠲᠦᠭᠦᠯᠭᠡ ᠶᠢᠨ | ᠪᠡᠯᠡᠳᠬᠡᠮᠵᠢ ᠵᠡᠷᠭᠡ ᠶᠢ ᠨᠤᠷᠠᠭᠠᠬᠤ ᠪᠠ ᠰᠢᠨ᠎ᠡ ᠪᠠᠷ ᠪᠠᠶᠢᠭᠤᠯᠬᠤ ᠪᠣᠯᠤᠨ᠎ᠠ᠃ ᠣᠳᠣᠬᠠᠨ ᠪᠣᠯᠲᠠᠯ᠎ᠠ᠂ ᠲᠣᠰ ᠲᠥᠷᠥᠯ | ᠵᠦᠢᠯ ᠨᠢᠭᠡᠨᠲᠡ ᠶᠡᠷᠦᠩᠬᠡᠶ ᠪᠠᠷᠢᠯᠭ᠎ᠠ ᠶᠢᠨ 70% ᠶᠢ ᠪᠡᠶᠡᠯᠡᠭᠦᠯᠵᠦ᠂ 9 ᠰᠠᠷ᠎ᠠ ᠶᠢᠨ 30 ᠤ ᠡᠳᠦᠷ ᠠᠴᠠ | ᠡᠮᠦᠨ᠎ᠡ ᠪᠦᠬᠦᠯᠢ ᠴᠣᠭᠴᠠ ᠪᠠᠷ ᠨᠢ ᠠᠵᠢᠯ ᠳᠠᠭᠤᠰᠬᠠᠬᠤ ᠪᠠᠷ ᠴᠢᠷᠮᠠᠶᠢᠨ᠎ᠠ᠃ | |