1 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ | ᠬᠤᠰᠢᠭᠤᠨ ᠳᠠᠷᠤᠭ᠎ᠠ ᠪᠠᠶ ᠯᠢᠩ ᠮᠠ ᠠᠨ ᠱᠠᠨ ᠤ ᠠᠩᠬᠠᠳᠤᠭᠠᠷ ᠬᠤᠭᠤᠴᠠᠭᠠᠨ ᠤ ᠲᠣᠮᠣ ᠬᠡᠯᠪᠡᠷᠢ ᠶᠢᠨ ᠠᠭᠤᠯᠠᠨ | ᠵᠢᠯᠠᠭ᠎ᠠ ᠶᠢᠨ ᠳ᠋ᠧᠩ ᠤᠨ ᠦᠵᠡᠭᠦᠯᠦᠯᠭᠡ ᠪᠠ ᠼᠠᠢ ᠲᠢ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠤᠨ | ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠵᠤ | ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃ | ᠪᠠᠢ ᠯᠢᠩ ᠤᠷᠢᠳ ᠬᠤᠵᠢᠳ ᠮᠠ ᠠᠨ ᠱᠠᠨ ᠤ ᠲᠣᠮᠣ ᠬᠡᠯᠪᠡᠷᠢ ᠶᠢᠨ ᠠᠭᠤᠯᠠᠨ ᠵᠢᠯᠠᠭ᠎ᠠ ᠶᠢᠨ ᠳ᠋ᠧᠩ ᠤᠨ | ᠦᠵᠡᠭᠦᠯᠦᠯᠭᠡ ᠪᠣᠯᠤᠨ ᠼᠠᠢ ᠲᠢ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠳᠤ ᠬᠦᠷᠴᠦ᠂ ᠳ᠋ᠧᠩ ᠤᠨ | ᠦᠵᠡᠭᠦᠯᠦᠯᠭᠡ ᠤ ᠪᠠᠶᠢᠷᠢᠰᠢᠭᠤᠯᠤᠯᠲᠠ᠂ ᠵᠤᠭ᠎ᠠ ᠴᠡᠩᠭᠡᠯ ᠤᠨ ᠲᠥᠬᠦᠭᠡᠷᠦᠮᠵᠢ᠂ ᠰᠥᠨᠢ ᠶᠢᠨ ᠠᠵᠤ ᠠᠬᠤᠢ᠂ ᠢᠵᠢ | ᠪᠦᠷᠢᠳᠦᠭᠰᠡᠨ ᠦᠢᠯᠡᠴᠢᠯᠡᠭᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠳᠡᠯᠭᠡᠷᠡᠭᠦᠯᠬᠦ | ᠠᠷᠭ᠎ᠠ ᠵᠠᠮ᠂ ᠵᠣᠴᠢᠳ ᠤᠨ ᠢᠷᠡᠯᠳᠡ ᠶᠢᠨ ᠠᠶᠠᠯᠠᠯ᠂ ᠠᠮᠤᠷ ᠲᠦᠪᠰᠢᠨ ᠤ ᠪᠠᠲᠤᠯᠠᠭ᠎ᠠ ᠵᠡᠷᠭᠡ ᠬᠤᠯᠪᠣᠭᠳᠠᠯ ᠪᠦᠬᠦᠢ | ᠶᠠᠪᠤᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ | ᠪᠠᠶᠢᠷᠢᠯᠠᠭᠤᠯᠵᠠᠢ᠃ | ᠪᠠᠶ ᠯᠢᠩ ᠵᠢᠭᠠᠵᠤ ᠭᠠᠷᠭᠠᠭᠰᠠᠨ ᠨᠢ᠂ ᠮᠠ ᠠᠨ ᠱᠠᠨ ᠤ ᠲᠣᠮᠣ ᠬᠡᠯᠪᠡᠷᠢ ᠶᠢᠨ ᠠᠭᠤᠯᠠᠨ ᠵᠢᠯᠠᠭ᠎ᠠ ᠶᠢᠨ ᠳ᠋ᠧᠩ ᠤᠨ | ᠦᠵᠡᠭᠦᠯᠦᠯᠭᠡ ᠪᠠ ᠼᠠᠢ ᠲᠢ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠪᠣᠯ ᠮᠠᠨ ᠤ ᠬᠤᠰᠢᠭᠤᠨ ᠤ ᠡᠪᠦᠯ ᠤᠨ | ᠤᠯᠠᠷᠢᠯ ᠤᠨ ᠵᠢᠭᠤᠯᠴᠢᠯᠠᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠡᠨᠡ ᠨᠢ ᠮᠠᠨ ᠤ ᠬᠤᠰᠢᠭᠤᠨ ᠤ ᠡᠪᠦᠯ ᠤᠨ | ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠤᠨ ᠣᠨᠴᠠᠯᠢᠭ ᠢ ᠭᠦᠢᠴᠡᠳ ᠪᠠᠳᠠᠷᠠᠭᠤᠯᠵᠤ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠬᠠᠷᠠᠴᠢᠨ ᠤ | ᠮᠥᠰᠥ ᠴᠠᠰᠤᠨ ᠤ ᠵᠢᠭᠤᠯᠴᠢᠯᠠᠯ ᠤᠨ ︽ᠨᠡᠷ᠎ᠡ ᠶᠢᠨ ᠬᠠᠭᠤᠳᠠᠰᠤ︾ ᠶᠢ ᠭᠡᠷᠡᠯᠲᠦᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ᠪᠠᠢ ᠯᠢᠩ ᠴᠢᠬᠤᠯᠠᠴᠢᠯᠠᠭᠰᠠᠨ ᠨᠢ᠂ ᠮᠠ ᠠᠨ ᠱᠠᠨ ᠤ ᠡᠯᠪᠡᠭ ᠪᠠᠶᠠᠯᠢᠭ ᠵᠤᠭᠠᠴᠠᠯ ᠤᠨ ᠡᠬᠢ ᠪᠠᠶᠠᠯᠢᠭ ᠢ | ᠭᠦᠢᠴᠡᠳ ᠠᠭᠤᠳᠠᠯᠵᠤ᠂ ᠦᠵᠡᠮᠵᠢ ᠶᠢᠨ ᠣᠷᠣᠨ ᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠰᠢᠨᠵᠢᠯᠡᠬᠦ | ᠤᠬᠠᠭᠠᠨᠴᠢ ᠪᠠᠷ ᠰᠠᠶᠢᠲᠤᠷ ᠬᠢᠵᠦ᠂ ᠬᠥᠭᠵᠢᠯᠲᠡ ᠶᠢᠨ ᠰᠡᠳᠬᠢᠴᠡ ᠪᠠᠨ ᠴᠢᠨᠠᠭᠰᠢᠳᠠ ᠲᠣᠳᠣᠷᠬᠠᠶᠢᠯᠠᠵᠤ᠂ ᠡᠪᠦᠯ ᠤᠨ | ᠤᠯᠠᠷᠢᠯ ᠤᠨ ᠵᠤᠭᠠᠴᠠᠯ ᠤᠨ ᠲᠦᠷᠦᠯ ᠵᠦᠢᠯ ᠢ ᠭᠦᠨᠵᠡᠭᠡᠢ ᠨᠡᠭᠡᠭᠡᠨ ᠬᠥᠭᠵᠢᠭᠦᠯᠵᠦ᠂ ᠮᠥᠰᠥ ᠴᠠᠰᠤᠨ ᠤ | ᠵᠤᠭᠠᠴᠠᠯ ᠤᠨ ᠦᠷ᠎ᠡ ᠠᠰᠢᠭ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠤᠬᠠᠭᠤᠯᠤᠨ ᠳᠡᠯᠭᠡᠷᠡᠭᠦᠯᠬᠦ | ᠡᠷᠴᠢᠮ ᠢᠶᠠᠨ ᠴᠢᠩᠭᠠᠷᠠᠭᠤᠯᠵᠤ᠂ ᠡᠯ᠎ᠡ ᠶᠡᠭᠡ ᠭᠤᠣᠯ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠵᠤ᠂ | ᠰᠦᠯᠵᠢᠶᠡᠨ ᠤ ᠤᠳᠤᠨ ᠺᠠᠷᠲ ᠢ ᠴᠣᠬᠢᠬᠤ᠂ ᠣᠬᠤᠷ ᠸᠢᠳᠢᠣ᠋ ᠪᠠᠷ ᠵᠣᠬᠢᠶᠠᠨ ᠪᠦᠲᠦᠭᠡᠬᠦ᠂ ᠰᠢᠭᠤᠳ | ᠨᠡᠪᠲᠡᠷᠡᠭᠦᠯᠭᠡ ᠶᠢ ᠣᠶᠢᠯᠠᠭᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠬᠠᠭᠤᠯᠭ᠎ᠠ ᠶᠢᠨ | ᠬᠠᠯᠠᠮᠰᠢᠯ ᠴᠡᠭ ᠢ ᠲᠠᠰᠤᠷᠠᠯᠲᠠ ᠦᠭᠡᠢ ᠡᠭᠦᠳᠴᠦ᠂ ᠨᠡᠩ ᠤᠯᠠᠨ ᠵᠤᠭᠠᠴᠠᠭᠰᠠᠳ ᠢ ᠲᠡᠳᠡᠨ ᠠᠪᠴᠢᠷᠠᠵᠤ ᠲᠣᠭᠤᠷᠢᠨ | ᠵᠤᠭᠠᠴᠠᠭᠤᠯᠬᠤ ᠬᠡᠷᠡᠭᠲᠡᠢ᠃ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠮᠠᠨ ᠤ | ᠬᠤᠰᠢᠭᠤᠨ ᠤ ᠮᠥᠰᠥ ᠴᠠᠰᠤᠨ ᠤ ᠡᠬᠢ ᠪᠠᠶᠠᠯᠢᠭ ᠤᠨ ᠳᠠᠪᠠᠭᠤᠯᠢᠭ ᠢ ᠤᠯᠠᠮ ᠨᠢᠭᠡ ᠠᠯᠬᠤᠮ ᠠᠭᠤᠳᠠᠯᠵᠤ᠂ ᠪᠥᠬᠦ | ᠤᠯᠠᠷᠢᠯ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠦᠢᠯᠡᠳᠬᠦᠨ ᠢ ᠪᠠᠶᠠᠯᠢᠭᠵᠢᠭᠤᠯᠵᠤ᠂ ᠮᠥᠰᠥ ᠴᠠᠰᠤᠨ ᠤ | ᠵᠢᠭᠤᠯᠴᠢᠯᠠᠯ ᠤᠨ ᠲᠥᠷᠥᠯ ᠵᠦᠢᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠮᠥᠰᠥ ᠴᠠᠰᠤᠨ ᠤ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠵᠢᠭᠤᠯᠴᠢᠯᠠᠯ ᠤᠨ ᠬᠡᠮᠵᠢᠶ᠎ᠡ ᠶᠢ ᠬᠥᠭᠵᠢᠯᠲᠡ ᠶᠢᠨ ᠨᠡᠮᠡᠭᠳᠡᠯ ᠪᠣᠯᠭᠠᠨ | ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ | ᠪᠠᠢ ᠯᠢᠩ ᠱᠠᠭᠠᠷᠳᠠᠭᠰᠠᠨ ᠨᠢ᠂ ᠠᠮᠤᠷ ᠲᠦᠪᠰᠢᠨ ᠤ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠶᠢ | ᠪᠠᠲᠤ ᠪᠤᠢ ᠪᠣᠯᠭᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠯ | ᠤᠨᠲᠠᠷᠠᠭᠠᠬᠤ ᠠᠮᠤᠷ ᠲᠦᠪᠰᠢᠨ᠂ ᠡᠮᠬᠢ ᠳᠢᠭᠯᠢᠮ ᠢ ᠬᠠᠮᠠᠭᠠᠯᠠᠬᠤ᠂ ᠵᠠᠮ ᠬᠠᠷᠢᠯᠴᠠᠭ᠎ᠠ ᠶᠢ ᠰᠢᠯᠤᠭᠤᠳᠬᠠᠬᠤ᠂ ᠵᠤᠭ᠎ᠠ | ᠴᠡᠩᠭᠡᠯ ᠤᠨ ᠲᠥᠬᠦᠭᠡᠷᠦᠮᠵᠢ ᠶᠢᠨ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠡᠰᠡᠭ ᠤᠨ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠬᠤ ᠶᠢ ᠰᠠᠶᠢᠲᠤᠷ ᠠᠳᠬᠤᠵᠤ᠂ ᠦᠵᠡᠮᠵᠢ ᠶᠢᠨ ᠣᠷᠣᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠷᠢᠮ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ | ᠲᠡᠭᠦᠯᠳᠡᠷᠵᠢᠭᠦᠯᠵᠦ᠂ ᠦᠵᠡᠮᠵᠢ ᠶᠢᠨ ᠣᠷᠣᠨ ᠤ ᠡᠪᠦᠯ ᠤᠨ ᠤᠯᠠᠷᠢᠯ ᠤᠨ ᠵᠤᠭᠠᠴᠠᠯ ᠤᠨ ᠠᠮᠤᠷ ᠲᠦᠪᠰᠢᠨ ᠤ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ | |