2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠣᠶᠢᠷᠠᠳᠬᠤ ᠶᠢ ᠳᠠᠭᠠᠯᠳᠤᠨ᠂ ᠬᠠᠷᠠᠴᠢᠨ ᠬᠤᠰᠢᠭᠤᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ︽ᠠᠮᠤᠷ ᠠᠮᠤᠭᠤᠯᠠᠩ ᠴᠠᠭᠠᠨ ᠰᠠᠷ᠎ᠠ ᠶᠢᠨ ᠵᠥᠭᠡᠭᠡᠪᠦᠷᠢ︾᠂ ︽ᠳᠥᠭᠦᠮ | ᠳᠥᠲᠡ ᠴᠠᠭᠠᠨ ᠰᠠᠷ᠎ᠠ ᠶᠢᠨ ᠵᠥᠭᠡᠭᠡᠪᠦᠷᠢ︾᠂ ︽ᠬᠠᠯᠠᠭᠤᠨ ᠳᠤᠯᠠᠭᠠᠨ ᠴᠠᠭᠠᠨ ᠰᠠᠷ᠎ᠠ ᠶᠢᠨ ᠵᠥᠭᠡᠭᠡᠪᠦᠷᠢ︾ ᠶᠢᠨ | ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠤᠷᠢᠳᠴᠢᠯᠠᠨ ᠲᠥᠯᠥᠪᠵᠢᠭᠦᠯᠵᠦ᠂ ᠢᠳᠡᠪᠬᠢᠲᠡᠶ ᠪᠠᠶᠢᠷᠢᠯᠠᠭᠤᠯᠵᠤ᠂ | ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠶᠠᠯᠠᠯ ᠤᠨ ᠵᠠᠭᠪᠤᠷ ᠢ ᠪᠥᠬᠦ ᠲᠠᠯ᠎ᠠ ᠪᠠᠷ ᠡᠬᠢᠯᠡᠭᠦᠯᠵᠦ᠂ ᠴᠠᠭᠠᠨ ᠰᠠᠷ᠎ᠠ ᠶᠢᠨ | ᠵᠥᠭᠡᠭᠡᠪᠦᠷᠢ ᠶᠢᠨ ᠬᠤᠭᠤᠴᠠᠭᠠᠨ ᠳᠠᠬᠢ ᠠᠷᠠᠳ ᠣᠯᠠᠨ ᠤ ᠠᠮᠤᠷ ᠲᠦᠪᠰᠢᠨ᠂ ᠳᠥᠭᠦᠮ ᠳᠥᠲᠡ᠂ ᠬᠠᠯᠠᠭᠤᠨ | ᠳᠤᠯᠠᠭᠠᠨ ᠶᠠᠪᠤᠵᠤ ᠰᠠᠭᠤᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | ᠠᠮᠤᠷ ᠲᠦᠪᠰᠢᠨ ᠤ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠎ᠠ᠃ | ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠷᠭᠡᠵᠢᠯ ᠤᠨ ᠪᠠᠶᠢᠳᠠᠯ᠂ ᠠᠮᠤᠷ ᠲᠦᠪᠰᠢᠨ ᠤ ᠪᠡᠯᠡᠳᠬᠡᠮᠵᠢ ᠲᠥᠬᠦᠭᠡᠷᠦᠮᠵᠢ | ᠲᠣᠬᠢᠷᠠᠭᠤᠯᠬᠤ᠂ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠵᠡᠷᠭᠡ ᠳᠤ ᠭᠦᠨᠵᠡᠭᠡᠶ ᠪᠠᠶᠢᠴᠠᠭᠠᠯᠲᠠ ᠬᠢᠵᠦ᠂ | ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠬᠡᠮ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ | ᠪᠠᠭᠤᠯᠭᠠᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠠᠶᠤᠯᠭᠦᠶ ᠲᠠᠢ ᠬᠤᠯᠪᠣᠭᠳᠠᠭᠰᠠᠨ | ᠲᠡᠭᠡᠭᠡᠪᠦᠷᠢ᠂ ᠭᠡᠨᠡᠨ ᠠᠵᠢᠯ ᠢ ᠡᠷᠡᠰ ᠬᠤᠷᠢᠭᠯᠠᠵᠤ᠂ ᠲᠡᠭᠡᠭᠡᠪᠦᠷᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠶ ᠭᠡᠵᠦ ᠱᠠᠭᠠᠷᠳᠠᠪᠠ᠃ | ᠲᠡᠭᠡᠭᠡᠪᠦᠷᠢ ᠶᠢᠨ ᠬᠦᠴᠦᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠲᠡᠭᠡᠭᠡᠪᠦᠷᠢ ᠶᠢᠨ ᠰᠠᠭᠠᠳ ᠦᠭᠡᠢ | ᠨᠡᠪᠲᠡᠷᠡᠬᠦ ᠶᠢ ᠪᠠᠲᠤᠯᠠᠨ᠎ᠠ᠃ ᠥᠩᠭᠡᠷᠡᠭᠰᠡᠨ ᠵᠢᠯ ᠤᠳ ᠤᠨ ᠴᠠᠭᠠᠨ ᠰᠠᠷ᠎ᠠ ᠶᠢᠨ ᠲᠡᠭᠡᠭᠡᠪᠦᠷᠢ ᠶᠢᠨ ᠠᠶᠠᠨᠴᠢᠳ ᠤᠨ | ᠤᠷᠤᠰᠬᠠᠯ ᠤᠨ ᠣᠨᠴᠠᠯᠢᠭ ᠢ ᠭᠦᠨᠵᠡᠭᠡᠶ ᠵᠠᠳᠠᠯᠵᠤ᠂ ᠵᠢᠨᠱᠠᠨ ᠮᠠᠰᠢᠨ ᠲᠡᠷᠭᠡᠨ ᠤ ᠥᠷᠲᠡᠭᠡ᠂ ᠤᠯᠠᠭᠠᠨᠬᠠᠳᠠ ᠶᠢᠨ | ᠶᠠᠩ ᠬᠤᠤ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠵᠡᠷᠭᠡ ᠲᠡᠭᠡᠭᠡᠪᠦᠷᠢ ᠶᠢᠨ ᠨᠢᠭᠡᠴᠡ ᠶᠢ ᠢᠳᠡᠪᠬᠢᠲᠡᠶ ᠵᠣᠬᠢᠴᠠᠭᠤᠯᠵᠤ | ᠂ ᠲᠡᠭᠡᠭᠡᠪᠦᠷᠢ ᠶᠢᠨ ᠬᠦᠴᠦᠨ ᠢ ᠲᠣᠬᠢᠷᠠᠭᠤᠯᠬᠤ ᠲᠥᠯᠥᠪᠯᠡᠭᠡ ᠶᠢ ᠤᠷᠢᠳᠴᠢᠯᠠᠨ ᠲᠣᠭᠲᠠᠭᠠᠵᠤ᠂ ᠡᠭᠡᠯᠵᠢ | ᠤᠳᠠᠭ᠎ᠠ ᠶᠢ ᠵᠦᠶ ᠵᠣᠬᠢᠰᠲᠠᠶ ᠲᠣᠬᠢᠷᠠᠭᠤᠯᠤᠨ᠂ ᠠᠶᠠᠨᠴᠢᠳ ᠢ ᠴᠠᠭ ᠲᠤᠬᠠᠶ ᠳᠤ ᠨᠢ ᠲᠡᠭᠡᠭᠡᠪᠦᠷᠢᠯᠡᠬᠦ ᠶᠢ ᠦᠨᠡᠨ ᠬᠦ | ᠪᠠᠲᠤᠯᠠᠪᠠ᠃ ᠡᠭᠦᠨ ᠤ ᠬᠠᠮᠲᠤ᠂ ᠪᠠᠴᠢᠮ ᠪᠠᠶᠢᠳᠠᠯ ᠢ ᠠᠷᠭᠠᠴᠠᠭᠠᠬᠤ ᠬᠡᠰᠡᠭ ᠲᠡᠭᠡᠭᠡᠪᠦᠷᠢ ᠶᠢᠨ ᠬᠦᠴᠦᠨ ᠢ | ᠤᠷᠢᠳᠴᠢᠯᠠᠨ ᠦᠯᠡᠳᠡᠭᠡᠵᠦ᠂ ᠭᠡᠨᠡᠳᠲᠡ ᠶᠢᠨ ᠬᠡᠷᠡᠭ ᠵᠢᠴᠢ ᠴᠠᠭ ᠠᠭᠤᠷ ᠵᠡᠷᠭᠡ ᠣᠨᠴᠠᠭᠠᠢ ᠪᠠᠶᠢᠳᠠᠯ ᠢ | ᠠᠷᠭᠠᠴᠠᠭᠠᠬᠤ ᠪᠠᠷ ᠪᠣᠯᠪᠠ᠃ | ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠬᠠᠯᠠᠭᠤᠨ ᠳᠤᠯᠠᠭᠠᠨ ᠴᠠᠭᠠᠨ ᠰᠠᠷ᠎ᠠ ᠶᠢᠨ | ᠲᠡᠭᠡᠭᠡᠪᠦᠷᠢ ᠶᠢ ᠪᠣᠶ ᠪᠣᠯᠭᠠᠨ᠎ᠠ᠃ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠬᠥᠮᠦᠰ᠂ ᠠᠵᠢᠯᠯᠠᠵᠤ | ᠪᠠᠶᠢᠭ᠎ᠠ ᠬᠥᠮᠦᠰ ᠤᠨ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠪᠠ | ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠴᠢᠩᠭᠠᠳᠬᠠᠵᠤ᠂ ᠪᠣᠯᠪᠠᠰᠤᠨ ᠢᠶᠠᠷ ᠦᠢᠯᠡᠴᠢᠯᠡᠬᠦ᠂ ᠬᠠᠯᠠᠭᠤᠨ ᠢᠶᠠᠷ | ᠦᠢᠯᠡᠴᠢᠯᠡᠬᠦ ᠶᠢ ᠰᠠᠨᠠᠭᠠᠴᠢᠯᠠᠵᠤ᠂ ᠲᠡᠭᠡᠭᠡᠪᠦᠷᠢ ᠶᠢᠨ ᠲᠡᠷᠭᠡ ᠬᠥᠰᠬᠡ ᠳᠤ ᠬᠠᠯᠠᠭᠤᠨ ᠳᠣᠲᠣᠨᠣ ᠰᠠᠨᠠᠭᠤᠯᠤᠮᠵᠢ ᠶᠢᠨ | ᠺᠠᠷᠲ ᠨᠠᠭᠠᠵᠤ᠂ ᠠᠶᠠᠨᠴᠢᠳ ᠤᠨ ᠳᠤᠮᠳᠠ ᠭᠦᠨᠵᠡᠭᠡᠶᠢᠷᠡᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠮᠤᠷ | ᠲᠦᠪᠰᠢᠨ ᠤ ᠤᠬᠠᠭᠤᠯᠭ᠎ᠠ ᠶᠢ ᠥᠷᠨᠢᠭᠦᠯᠵᠦ᠂ ᠬᠠᠯᠠᠭᠤᠨ ᠳᠤᠯᠠᠭᠠᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠭᠤᠷ | ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | 2025 ᠤᠨ ᠪᠣᠯᠬᠤ ᠳᠤ ᠬᠠᠷᠠᠴᠢᠨ ᠬᠤᠰᠢᠭᠤᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ 1 ᠰᠠᠷ᠎ᠠ ᠶᠢᠨ | 14 ᠤ ᠡᠳᠦᠷ ᠠᠴᠠ ᠵᠢᠩᠬᠢᠨᠢ ᠪᠠᠷ ᠡᠬᠢᠯᠡᠵᠦ᠂ ᠨᠡᠶᠢᠲᠡ 40 ᠡᠳᠦᠷ ᠪᠣᠯᠣᠨ᠎ᠠ᠃ ᠡᠨᠡ ᠬᠤᠭᠤᠴᠠᠭᠠᠨ ᠳᠤ᠂ | ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠯᠠᠪᠳᠠᠭᠤᠨ ᠪᠠᠲᠤᠲᠠᠶ ᠠᠵᠢᠯ ᠤᠨ ᠠᠷᠭ᠎ᠠ ᠬᠡᠮᠵᠢᠶ᠎ᠡ᠂ | ᠴᠢᠩᠭ᠎ᠠ ᠨᠢᠮᠪᠠᠶ ᠠᠵᠢᠯ ᠤᠨ ᠰᠤᠷᠲᠠᠯ ᠢᠶᠠᠷ 2025 ᠣᠨ ᠤ ᠴᠠᠭᠠᠨ ᠰᠠᠷ᠎ᠠ ᠶᠢᠨ ᠵᠥᠭᠡᠭᠡᠪᠦᠷᠢᠯᠡᠯᠲᠡ ᠳᠤ ᠪᠥᠬᠦ | ᠬᠤᠰᠢᠭᠤᠨ ᠤ ᠠᠷᠠᠳ ᠣᠯᠠᠨ ᠤ ᠪᠠᠶᠠᠷ ᠬᠥᠷ ᠲᠠᠢ ᠠᠮᠤᠷ ᠠᠮᠤᠭᠤᠯᠠᠩ ᠥᠯᠵᠡᠶ ᠪᠡᠯᠭᠡ ᠲᠠᠢ ᠪᠠᠶᠠᠷ ᠤᠨ ᠡᠳᠦᠷ ᠢ | ᠥᠩᠭᠡᠷᠡᠭᠦᠯᠬᠦ ᠳᠤ ᠵᠠᠮ ᠬᠠᠷᠢᠯᠴᠠᠭᠠᠨ ᠤ ᠬᠦᠴᠦᠨ ᠴᠢᠳᠠᠯ ᠢᠶᠠᠨ ᠡᠷᠭᠦᠨ᠎ᠡ︕ |