ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ | 2025 ᠣᠨ ᠤ 1 ᠰᠠᠷ᠎ᠠ ᠶᠢᠨ 13 ᠤ ᠡᠳᠦᠷ ᠵᠢᠨᠱᠠᠨ ᠳᠤ ᠬᠤᠷᠠᠯᠳᠤᠪᠠ᠃ | ᠡᠨᠡ ᠤᠳᠠᠭᠠᠨ ᠤ ᠪᠥᠬᠦᠳᠡ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 32 ᠬᠥᠮᠦᠨ᠂ | ᠣᠷᠣᠯᠠᠭᠴᠢ ᠭᠡᠰᠢᠭᠦᠨ 1 ᠬᠥᠮᠦᠨ ᠣᠷᠣᠯᠴᠠᠪᠠ᠃ ᠬᠤᠰᠢᠭᠤᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ | ᠪᠠ ᠬᠠᠮᠢᠶ᠎ᠠ ᠪᠥᠬᠦᠶ ᠲᠠᠯ᠎ᠠ ᠶᠢᠨ ᠬᠠᠷᠢᠭᠤᠴᠠᠯᠭᠠᠲᠠᠨ᠂ ᠬᠤᠰᠢᠭᠤᠨ ᠤ ᠠᠷᠪᠠᠨ ᠵᠢᠷᠭᠤᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠨᠠᠮ ᠤᠨ ᠲᠥᠯᠥᠭᠡᠯᠡᠭᠴᠢ᠂ ᠭᠤᠤᠯᠳᠠᠯᠭ᠎ᠠ ᠲᠠᠢ ᠠᠵᠤ | ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃ | ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ | ᠬᠤᠳᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ | ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ 2024 ᠣᠨ ᠤ ᠠᠵᠢᠯ ᠤᠨ ᠲᠤᠬᠠᠢ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠮᠡᠳᠡᠭᠦᠯᠦᠯᠲᠡ ᠶᠢ ᠰᠣᠨᠣᠰᠴᠤ ᠶᠠᠷᠢᠯᠴᠠᠵᠤ᠂ 2025 ᠣᠨ ᠤ ᠭᠤᠣᠯᠳᠠᠯᠭ᠎ᠠ ᠲᠠᠢ | ᠠᠵᠢᠯ ᠢ ᠪᠠᠶᠢᠷᠢᠯᠠᠭᠤᠯᠪᠠ᠃ | ᠪᠥᠬᠦᠳᠡ ᠬᠤᠷᠠᠯ ᠠᠴᠠ ᠨᠢᠭᠡ ᠵᠢᠯ ᠤᠨ ᠲᠤᠷᠰᠢᠬᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠠᠵᠢᠯ ᠢ ᠭᠦᠢᠴᠡᠳ ᠨᠤᠲᠠᠯᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠠᠵᠢᠯ ᠤᠨ | ᠲᠣᠬᠢᠷᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠤᠯ ᠱᠤᠭᠤᠮ ᠤᠨ ᠱᠠᠭᠠᠷᠳᠠᠯᠭ᠎ᠠ ᠶᠢ ᠡᠷᠡᠰ | ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ | ᠢᠨᠵᠧᠨᠧᠷᠢᠩ︾ ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ | ᠲᠣᠭᠲᠠᠭᠤᠨ ᠤ ᠳᠤᠮᠳᠠ ᠤᠷᠤᠭᠰᠢᠯᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠲᠣᠭᠲᠠᠭᠤᠨ ᠪᠠᠶᠢᠵᠤ᠂ | ᠡᠯ᠎ᠡ ᠵᠦᠢᠯ ᠤᠨ ᠠᠵᠢᠯ ᠦᠢᠯᠡᠰ ᠰᠢᠨ᠎ᠡ ᠬᠥᠭᠵᠢᠯᠲᠡ ᠶᠢ ᠪᠡᠶᠡᠯᠡᠭᠦᠯᠵᠦ᠂ ᠰᠢᠨ᠎ᠡ ᠦᠷ᠎ᠡ ᠪᠦᠲᠦᠮᠵᠢ ᠤᠯᠪᠠ ᠭᠡᠵᠦ | ᠰᠠᠨᠠᠯ ᠨᠢᠭᠡᠲᠡᠶ ᠦᠵᠡᠪᠡ᠃ | ᠪᠥᠬᠦᠳᠡ ᠬᠤᠷᠠᠯ ᠠᠴᠠ᠂ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠥᠬᠦ ᠬᠤᠰᠢᠭᠤᠨ ᠤ | ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠠᠯᠢ ᠣᠯᠠᠨ ᠤᠮᠳᠤᠭᠠᠶᠢᠯᠠᠵᠤ ᠪᠣᠯᠤᠰᠢ ᠥᠬᠡᠶ᠂ ᠵᠠᠶᠢᠯᠠᠭᠤᠯᠵᠤ | ᠪᠣᠯᠤᠰᠢ ᠥᠬᠡᠶ ᠳᠠᠷᠤᠯᠲᠠ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠃ ︽ᠴᠠᠭ ᠢ ᠪᠣᠳᠣᠯᠬᠢᠯᠠᠬᠤ︾ ᠪᠠ ︽ | ᠪᠠᠶᠢᠳᠠᠯ ᠢ ᠪᠣᠳᠣᠯᠬᠢᠯᠠᠬᠤ︾ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠶ᠃ ᠬᠠᠷᠠᠴᠢᠨ ᠤ ᠬᠥᠭᠵᠢᠯᠲᠡ ᠶᠢ | ᠤᠬᠠᠮᠰᠠᠷ ᠠᠴᠠ ᠪᠠᠨ ᠪᠦᠬᠦ ᠤᠯᠤᠰ ᠪᠦᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠬᠢᠨᠠᠨ ᠦᠵᠡᠵᠦ | ᠂ ᠪᠦᠬᠦ ᠬᠤᠲᠠ ᠶᠢᠨ ᠭᠤᠣᠯ ᠠᠵᠢᠯ ᠤᠨ ᠳᠤᠮᠳᠠ ᠲᠠᠯᠪᠢᠵᠤ ᠲᠥᠯᠥᠪᠵᠢᠭᠦᠯᠦᠨ ᠠᠬᠢᠭᠤᠯᠵᠤ᠂ ᠬᠠᠷᠠᠴᠢᠨ ᠤ | ᠥᠪᠡᠷ ᠤᠨ ᠶᠠᠪᠤᠳᠠᠯ ᠢᠶᠠᠨ ᠪᠠᠭ᠎ᠠ ᠭᠠᠪᠢᠶ᠎ᠠ ᠪᠠᠷ ᠰᠠᠶᠢᠲᠤᠷ ᠬᠢᠬᠦ ᠬᠡᠷᠡᠭᠲᠡᠶ᠃ ︽ᠵᠢᠳᠬᠦᠯ ᠴᠢᠷᠮᠠᠶᠢᠯᠭ᠎ᠠ ᠭᠠᠷᠭᠠᠬᠤ︾ | ᠪᠠ ︽ᠣᠷᠣᠨ ᠪᠠᠶᠢᠷᠢ ᠲᠠᠢ ᠪᠠᠶᠢᠬᠤ︾ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠶ᠃ ᠠᠵᠢᠯ ᠤᠨ | ᠲᠠᠯ᠎ᠠ ᠪᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠠᠵᠤ ᠠᠬᠤᠢ ᠶᠢᠨ ᠲᠠᠯ᠎ᠠ ᠪᠠᠷ ᠪᠠᠭᠲᠠᠭᠠᠮᠵᠢ ᠶᠢ ᠥᠷᠭᠡᠳᠬᠡᠨ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠵᠦ᠂ | ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠪᠦᠬᠦ ᠬᠤᠲᠠ ᠶᠢᠨ ᠬᠥᠭᠵᠢᠯᠲᠡ ᠶᠢᠨ ᠬᠤᠰᠢᠭᠤᠴᠢ ᠪᠣᠯᠬᠤ ᠪᠠᠷ | ᠴᠢᠷᠮᠠᠶᠢᠵᠤ᠂ ᠪᠦᠬᠦ ᠣᠷᠣᠨ ᠤ ᠳᠡᠰ ᠢ ᠨᠢ ᠤᠷᠤᠭᠰᠢ ᠰᠢᠯᠵᠢᠭᠦᠯᠬᠦ ᠪᠠᠷ ᠴᠢᠷᠮᠠᠶᠢᠨ᠎ᠠ᠃ ︽ᠬᠥᠮᠦᠨ ᠢ ᠮᠡᠳᠡᠬᠦ︾ ᠪᠠ | ︽ᠮᠡᠳᠡᠬᠦ ᠲᠤᠮᠢᠯᠠᠭᠰᠠᠨ︾ ᠶᠢ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠶ᠃ ᠡᠯ᠎ᠡ ᠭᠠᠵᠠᠷ ᠣᠷᠣᠨ ᠬᠥᠨᠳᠡᠯᠡᠨ ᠢᠶᠠᠷ | ᠬᠠᠷᠢᠴᠠᠭᠤᠯᠬᠤ ᠳᠤ ᠳᠠᠪᠠᠭᠤᠯᠢᠭ ᠲᠠᠯ᠎ᠠ ᠪᠠ ᠳᠤᠲᠠᠭᠤᠳᠠᠯ ᠬᠦᠷᠦᠯᠴᠡᠬᠦ ᠦᠭᠡᠢ ᠲᠠᠯ᠎ᠠ ᠪᠠᠨ ᠤᠯᠠᠮ ᠨᠢᠭᠡ ᠠᠯᠬᠤᠮ | ᠲᠣᠳᠣᠷᠬᠠᠢ ᠲᠠᠨᠢᠵᠤ᠂ ᠬᠦᠴᠦᠯᠡᠬᠦ ᠴᠡᠭ ᠪᠠ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠨᠢᠭᠡ ᠨᠢᠭᠡ | ᠲᠥᠯᠥᠪᠯᠡᠭᠡ᠂ ᠨᠢᠭᠡ ᠨᠢᠭᠡ ᠠᠷᠭ᠎ᠠ ᠬᠡᠮᠵᠢᠶ᠎ᠡ᠂ ᠨᠢᠭᠡ ᠨᠢᠭᠡ ᠪᠣᠳᠠᠲᠤ ᠶᠠᠪᠤᠳᠠᠯ ᠢᠶᠠᠷ ᠰᠠᠨᠠᠭᠠᠴᠢᠯᠠᠭᠠᠳᠤ ᠪᠤᠰᠤ | ᠰᠠᠨᠠᠭᠠᠴᠢᠯᠠᠭᠠᠲᠤ ᠡᠷᠬᠡ ᠶᠢ ᠰᠠᠨᠠᠭᠠᠴᠢᠯᠠᠭᠠᠲᠤ ᠪᠠᠶᠢᠳᠠᠯ ᠪᠣᠯᠭᠠᠵᠤ᠂ ᠳᠠᠪᠠᠭᠤᠯᠢᠭ ᠢᠶᠠᠨ ᠬᠤᠪᠢᠷᠠᠭᠤᠯᠬᠤ ᠳᠤ | ᠢᠯᠠᠯᠲᠠ ᠶᠢᠨ ᠬᠠᠨᠳᠤᠰᠢ ᠪᠣᠯᠭᠠᠬᠤ ᠬᠡᠷᠡᠭᠲᠡᠢ᠃ | ᠪᠥᠬᠦᠳᠡ ᠬᠤᠷᠠᠯ ᠠᠴᠠ᠂ 2025 ᠣᠨ ᠤ ᠠᠵᠤ ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ | ᠣᠷᠣᠨ᠂ ᠤᠯᠠᠭᠠᠨᠬᠠᠳᠠ ᠬᠤᠲᠠ ᠶᠢᠨ ᠰᠢᠷᠢᠰ ᠴᠢᠬᠤᠯᠠ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂ ᠨᠢᠭᠡ ᠭᠤᠤᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠪᠠ ᠤᠯᠠᠭᠠᠨᠬᠠᠳᠠ | ᠬᠤᠲᠠ ᠶᠢᠨ ︽ᠠᠷᠪᠠᠨ ᠶᠡᠭᠡ ᠠᠵᠢᠯᠯᠠᠭ᠎ᠠ︾ ᠪᠠᠷ ᠬᠥᠲᠥᠯᠦᠮᠵᠢ ᠪᠣᠯᠭᠠᠵᠤ᠂ ︽ᠨᠢᠭᠡ ᠪᠦᠰᠡ ᠬᠤᠶᠠᠷ ᠵᠢᠭᠦᠷ | ᠳᠥᠷᠪᠡᠨ ᠲᠣᠭᠤᠷᠢᠭ ᠣᠯᠠᠨ ᠴᠡᠭ︾ ᠤᠨ ᠠᠭᠤᠰᠤᠯᠴᠠᠨ ᠬᠥᠭᠵᠢᠬᠦ ᠣᠷᠣᠨ ᠵᠠᠶ ᠶᠢᠨ ᠪᠠᠶᠢᠷᠢᠰᠢᠭᠤᠯᠤᠯᠲᠠ ᠶᠢ ᠪᠣᠶ | ᠪᠣᠯᠭᠠᠵᠤ᠂ ᠪᠠᠯᠠ ᠣᠷᠣᠭᠤᠯᠤᠯᠲᠠ ᠶᠢ ᠨᠡᠮᠡᠭᠳᠡᠭᠦᠯᠬᠦ᠂ ᠲᠥᠷᠥᠯ ᠵᠦᠢᠯ ᠢ ᠪᠠᠶᠢᠭᠤᠯᠬᠤ᠂ ᠬᠤᠳᠠᠯᠳᠤᠭᠠᠴᠢᠨ | ᠤᠷᠢᠬᠤ ᠶᠢ ᠴᠢᠩᠭᠠᠳᠬᠠᠬᠤ᠂ ᠥᠭᠡᠷᠡᠴᠢᠯᠡᠯᠲᠡ ᠶᠢ ᠠᠬᠢᠭᠤᠯᠬᠤ᠂ ᠲᠣᠭᠲᠠᠭᠤᠨ ᠢ ᠪᠠᠲᠤᠯᠠᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠶᠢ ᠳᠣᠪᠤᠶᠢᠯᠭᠠᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠬᠦ | ᠂ ᠳᠤᠮᠳᠠᠳᠤ ᠶᠢᠨ ᠵᠢᠭᠤᠯᠴᠢᠯᠠᠯ ᠳᠤ ᠣᠷᠣᠯᠴᠠᠬᠤ︾ ᠪᠠ ᠤᠯᠠᠭᠠᠨᠬᠠᠳᠠ ᠬᠤᠲᠠ ᠶᠢᠨ ᠰᠦᠷ ᠬᠦᠴᠦᠨ ᠢ ᠳᠠᠬᠢᠨ | ᠱᠤᠭᠤᠬᠤ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠵᠦ᠂ ᠬᠠᠷᠠᠴᠢᠨ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠪᠦᠬᠦᠳᠡ ᠬᠤᠷᠠᠯ ᠠᠴᠠ᠂ ᠲᠦᠷᠦᠯ ᠵᠦᠢᠯ ᠢ ᠠᠳᠬᠤᠬᠤ ᠪᠠᠷ ᠴᠢᠷᠮᠠᠶᠢᠵᠤ᠂ ᠪᠡᠯᠡ ᠣᠷᠣᠭᠤᠯᠤᠯᠲᠠ ᠶᠢ | ᠠᠬᠢᠭᠤᠯᠵᠤ᠂ ᠬᠢᠯᠪᠠᠷ ᠪᠤᠰᠤ ᠪᠠᠷ ᠣᠯᠤᠭᠰᠠᠨ ᠰᠠᠶᠢᠨ ᠪᠠᠶᠢᠳᠠᠯ᠂ ᠬᠥᠭᠵᠢᠯᠲᠡ ᠶᠢᠨ ᠬᠠᠨᠳᠤᠰᠢ ᠶᠢ ᠪᠠᠬᠢᠵᠢᠭᠦᠯᠦᠨ | ᠥᠷᠭᠡᠳᠬᠡᠬᠦ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ | ᠲᠦᠷᠭᠡᠳᠬᠡᠵᠦ᠂ ᠲᠦᠷᠦᠯ ᠵᠦᠢᠯ ᠤᠨ ᠲᠥᠯᠥᠪᠵᠢᠭᠦᠯᠭᠡ᠂ ᠲᠦᠷᠦᠯ ᠵᠦᠢᠯ ᠤᠨ ᠪᠡᠯᠡ ᠬᠤᠷᠠᠮᠳᠤᠭᠤᠯᠬᠤ᠂ ᠲᠦᠷᠦᠯ | ᠵᠦᠢᠯ ᠤᠨ ᠨᠠᠶᠢᠳᠠᠪᠤᠷᠢᠵᠢᠭᠤᠯᠤᠯᠲᠠ ᠵᠡᠷᠭᠡ ᠭᠤᠷᠪᠠᠨ ᠵᠠᠩᠭᠢᠯᠠᠭ᠎ᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ | ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠭᠤᠣᠯᠳᠠᠯᠭ᠎ᠠ ᠲᠠᠢ ᠲᠤᠰᠬᠠᠢ ᠠᠩᠭᠢ ᠪᠠᠷ | ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠰᠢᠶᠠᠩ ᠤᠨ ᠪᠠᠶᠢᠳᠠᠯ ᠢᠶᠠᠷ | ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠬᠦᠷᠢᠶᠡᠯᠡᠩ ᠲᠣᠭᠤᠷᠢᠭ ᠤᠨ | ᠠᠷᠠᠯᠵᠢᠶᠠᠴᠢᠨ ᠤᠷᠢᠬᠤ᠂ ᠭᠠᠵᠠᠷ ᠠᠯᠤᠰᠯᠠᠨ ᠠᠷᠠᠯᠵᠢᠶᠠᠴᠢᠨ ᠤᠷᠢᠬᠤ ᠵᠡᠷᠭᠡ ᠠᠷᠭ᠎ᠠ ᠬᠡᠯᠪᠡᠷᠢ ᠶᠢᠨ ᠲᠣᠭᠤᠷᠢᠨ ᠳᠤ | ᠬᠡᠨ ᠡᠯᠰᠡᠬᠦ᠂ ᠬᠡᠷᠬᠢᠨ ᠡᠯᠰᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠷᠭ᠎ᠠ ᠪᠦᠬᠦᠨ ᠢ | ᠰᠦᠪᠡᠭᠴᠢᠯᠡᠨ ᠬᠡᠷᠡᠭᠯᠡᠭᠡᠨ ᠤ ᠢᠲᠡᠭᠡᠯ ᠵᠣᠷᠢᠭ ᠢ ᠬᠥᠪᠴᠢᠯᠡᠵᠦ᠂ ᠬᠡᠷᠡᠭᠯᠡᠭᠡ ᠶᠢ ᠦᠯᠡᠳᠡᠭᠡᠬᠦ ᠪᠠ ᠳᠠᠯᠳᠠ ᠬᠦᠴᠦᠨ ᠢ | ᠬᠥᠭᠵᠢᠭᠡᠬᠦ ᠠᠳᠠᠯᠢ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠶᠡᠭᠡ ᠬᠡᠮᠵᠢᠶᠡᠨ ᠤ ᠬᠡᠷᠡᠭᠯᠡᠭᠡ᠂ ᠦᠢᠯᠡᠴᠢᠯᠡᠭᠡᠨ ᠤ | ᠬᠡᠷᠡᠭᠯᠡᠭᠡ᠂ ᠰᠣᠶᠣᠯ ᠵᠢᠭᠤᠯᠴᠢᠯᠠᠯ ᠤᠨ ᠬᠡᠷᠡᠭᠯᠡᠭᠡ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ | ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠢ᠃ | ᠪᠦᠭᠦᠳᠡ ᠬᠤᠷᠠᠯ ᠠᠴᠠ᠂ ᠠᠵᠤ ᠦᠢᠯᠡᠰ ᠢ ᠬᠦᠴᠦᠷᠬᠡᠭᠵᠢᠭᠦᠯᠬᠦ᠂ ᠪᠦᠲᠦᠴᠡ ᠶᠢ ᠰᠢᠯᠢᠳᠡᠭᠵᠢᠭᠦᠯᠬᠦ ᠪᠠᠷ | ᠬᠦᠴᠦᠯᠡᠨ ᠴᠢᠷᠮᠠᠶᠢᠵᠤ᠂ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠲᠠᠯ᠎ᠠ ᠪᠠᠷ ᠶᠡᠭᠡ ᠳᠡᠭᠡᠭᠰᠢᠯᠡᠯᠲᠡ ᠲᠠᠢ᠂ | ᠰᠢᠨ᠎ᠡ ᠰᠢᠪᠲᠤᠯᠤᠯᠲᠠ ᠲᠠᠢ ᠪᠣᠯᠭᠠᠬᠤ ᠬᠡᠷᠡᠭᠲᠡᠢ᠃ ︽ᠨᠢᠭᠡᠳᠦᠭᠡᠷ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ | ᠬᠡᠯᠬᠢᠶ᠎ᠡ ᠶᠢ ᠨᠥᠬᠦᠪᠥᠷᠢᠯᠡᠬᠦ᠂ ᠬᠤᠶᠠᠳᠤᠭᠠᠷ ᠠᠵᠤ ᠦᠢᠯᠡᠰ ᠢ ᠲᠥᠪᠯᠡᠷᠡᠭᠦᠯᠦᠨ ᠡᠷᠴᠢᠮᠵᠢᠭᠦᠯᠬᠦ᠂ ᠭᠤᠷᠪᠠᠨ ᠠᠵᠤ | ᠦᠢᠯᠡᠰ ᠢ ᠲᠠᠰ ᠳᠡᠪᠰᠢᠭᠦᠯᠬᠦ︾ ᠰᠡᠳᠬᠢᠴᠡ ᠪᠠᠷ ︽ᠨᠢᠭᠡ ᠪᠦᠰᠡ ᠬᠤᠶᠠᠷ ᠵᠢᠭᠦᠷ ᠳᠥᠷᠪᠡᠨ ᠲᠣᠭᠤᠷᠢᠭ ᠣᠯᠠᠨ | ᠴᠡᠭ︾ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠣᠰᠣᠭᠠᠷ᠂ 4 ᠵᠠᠭᠤᠨ ᠳ᠋ᠦᠩᠰᠢᠭᠤᠷ ᠲᠠᠰ᠂ 4 ᠲᠠᠪᠢᠨ | ᠳ᠋ᠦᠩᠰᠢᠭᠤᠷ ᠲᠠᠰ ᠤᠨ ᠠᠵᠤ ᠦᠢᠯᠡᠰ ᠤᠨ ᠰᠦᠷᠦᠭᠵᠢᠯ ᠢ ᠬᠦᠴᠦᠯᠡᠨ ᠪᠣᠶ ᠪᠣᠯᠭᠠᠬᠤ ᠬᠡᠷᠡᠭᠲᠡᠶ᠃ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠢ ᠨᠠᠷᠢᠯᠢᠭ ᠬᠢᠵᠦ᠂ ︽ᠤᠢ᠂ ᠡᠮ᠂ ᠮᠢᠬ᠎ᠠ᠂ ᠨᠣᠭᠤᠭ᠎ᠠ︾ ᠵᠡᠷᠭᠡ 4 | ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠵᠡᠰ ᠬᠦᠴᠢᠯ ᠢ ᠪᠣᠯᠪᠠᠰᠤᠷᠠᠭᠤᠯᠬᠤ᠂ ᠰᠢᠨ᠎ᠡ ᠮᠠᠲ᠋ᠧᠷᠢᠶᠠᠯ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠠᠭᠤᠷᠬᠠᠢ ᠶᠢᠨ ᠦᠢᠯᠡᠰ ᠤᠨ ᠠᠵᠤ ᠠᠬᠤᠢ ᠵᠡᠷᠭᠡ 4 ᠭᠤᠣᠯᠯᠠᠬᠤ | ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ︽ᠠᠵᠤ ᠦᠢᠯᠡᠳᠪᠦᠷᠢ ᠶᠢᠨ ᠳᠠᠬᠢᠨ ᠢᠶᠠᠷ ᠨᠡᠮᠡᠭᠳᠡᠭᠦᠯᠬᠦ | ᠠᠵᠢᠯᠯᠠᠭ᠎ᠠ︾᠂ ︽ᠠᠭᠤᠷᠬᠠᠢ ᠡᠷᠢᠵᠦ ᠰᠢᠪᠲᠤᠯᠬᠤ ᠠᠵᠢᠯᠯᠠᠭ᠎ᠠ︾ ᠶᠢ ᠰᠠᠶᠢᠲᠤᠷ ᠨᠠᠶᠢᠳᠠᠪᠤᠷᠢᠵᠢᠭᠤᠯᠵᠤ᠂ ᠶᠡᠭᠡ ᠪᠠᠷ | ᠠᠵᠢᠯᠯᠠᠵᠤ ᠲᠦᠷᠭᠡᠨ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ ᠬᠡᠷᠡᠭᠲᠡᠢ᠃ ᠦᠢᠯᠡᠴᠢᠯᠡᠭᠡᠨ ᠤ ᠦᠢᠯᠡᠰ ᠢ | ᠰᠢᠯᠢᠳᠡᠭᠵᠢᠭᠦᠯᠦᠨ ᠠᠮᠢᠳᠤᠯᠢᠭ ᠪᠣᠯᠭᠠᠵᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠪᠠ ᠰᠣᠶᠣᠯ | ᠵᠢᠭᠤᠯᠴᠢᠯᠠᠯ ᠵᠡᠷᠭᠡ 2 ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠪᠦᠰᠡ ᠶᠢᠨ | ᠬᠡᠷᠡᠭᠯᠡᠭᠡᠨ ᠤ ᠰᠢᠨ᠎ᠡ ᠥᠨᠳᠦᠷᠯᠢᠭ ᠢ ᠲᠦᠷᠭᠡᠨ ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠵᠦ᠂ ᠨᠡᠷ᠎ᠡ ᠠᠯᠳᠠᠷ ᠲᠠᠢ ᠪᠣᠯᠭᠠᠵᠤ᠂ ᠬᠥᠮᠦᠰ ᠤᠨ ᠬᠦᠷᠢᠶᠡᠯᠡᠯ ᠢ ᠲᠥᠪᠯᠡᠷᠡᠭᠦᠯᠵᠦ᠂ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠬᠦ᠂ ᠬᠤᠪᠢ ᠶᠢᠨ ᠵᠢᠩ ᠢ | ᠳᠡᠭᠡᠭᠰᠢᠯᠡᠭᠦᠯᠬᠦ᠂ ᠬᠢᠷᠢ ᠲᠦᠪᠰᠢᠨ ᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠬᠦᠴᠦᠯᠡᠨ ᠠᠳᠬᠤᠵᠤ᠂ ᠰᠢᠨ᠎ᠡ ᠶᠢ | ᠡᠭᠦᠳᠬᠦ ᠪᠠᠷ ᠴᠢᠷᠮᠠᠶᠢᠵᠤ᠂ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠤᠰᠢᠭᠤᠨ ᠤ ᠲᠡᠰ ᠤᠨ 268 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠴᠠᠭ ᠤᠨ | ᠳᠠᠷᠠᠭᠠᠯᠠᠯ ᠶᠣᠰᠣᠭᠠᠷ ᠰᠠᠶᠢᠲᠤᠷ ᠪᠡᠶᠡᠯᠡᠭᠦᠯᠵᠦ᠂ ᠥᠭᠡᠷᠡᠴᠢᠯᠡᠯᠲᠡ ᠶᠢᠨ ᠲᠤᠷᠰᠢᠯᠲᠠ ᠪᠠ ︽ᠪᠢᠴᠢᠯ ᠥᠭᠡᠷᠡᠴᠢᠯᠡᠯᠲᠡ | ︾ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠨᠡᠩ ᠤᠯᠠᠨ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ | ᠪᠣᠯᠬᠤ ᠲᠤᠷᠰᠢᠯᠭ᠎ᠠ ᠬᠢᠳᠡᠯ ᠢ ᠪᠦᠷᠢᠯᠳᠦᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠷᠢᠶᠡᠨ ᠤ ᠰᠢᠨ᠎ᠡ ᠶᠢ ᠡᠭᠦᠳᠬᠦ ᠶᠢ ᠲᠤᠪᠤᠶᠢᠯᠭᠠᠵᠤ᠂ ᠰᠠᠨᠠᠭᠠᠴᠢᠯᠠᠭ᠎ᠠ ᠠᠴᠠ ᠪᠠᠨ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠵᠣᠯᠭᠠᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠤᠨ ᠨᠡᠭᠡᠭᠡᠬᠦ ᠲᠠᠪᠴᠠᠩ ᠢ ᠬᠠᠮᠲᠤ ᠪᠠᠷ ᠪᠠᠶᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠠᠵᠢᠯ ᠤᠨ ᠬᠤᠯᠪᠣᠭᠠᠯᠠᠨ ᠬᠥᠳᠡᠯᠦᠯᠴᠡᠬᠦ᠂ | ᠴᠢᠬᠤᠯᠠ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ᠂ ᠪᠢᠲᠡᠭᠦᠦ ᠴᠠᠭᠠᠷᠢᠭ ᠢ ᠥᠨᠳᠥᠷ ᠪᠦᠲᠦᠮᠵᠢᠲᠡᠢ | ᠨᠠᠶᠢᠳᠠᠪᠤᠷᠢᠵᠢᠭᠤᠯᠬᠤ ᠵᠡᠷᠭᠡ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠥᠨᠳᠥᠷ ᠪᠦᠲᠦᠮᠵᠢᠲᠡᠢ | ᠥᠭᠡᠷᠡᠴᠢᠯᠡᠯᠲᠡ ᠪᠠᠷ ᠴᠢᠨᠠᠷ ᠰᠠᠶᠢᠲᠠᠢ ᠬᠥᠭᠵᠢᠯᠲᠡ ᠳᠤ ᠡᠨᠧᠷᠭᠢ ᠣᠯᠭᠤᠬᠤ ᠬᠡᠷᠡᠭᠲᠡᠢ᠃ | ᠪᠦᠬᠦᠳᠡ ᠬᠤᠷᠠᠯ ᠠᠴᠠ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠴᠢᠷᠮᠠᠶᠢᠵᠤ᠂ ᠳᠤᠲᠠᠭᠤᠳᠠᠯ ᠢ | ᠨᠥᠬᠦᠪᠥᠷᠢᠯᠡᠬᠦ ᠪᠠᠷ ᠴᠢᠷᠮᠠᠶᠢᠵᠤ᠂ ᠬᠤᠳᠠ ᠬᠥᠳᠡᠭᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠡᠩᠴᠡᠭᠦᠷᠢᠲᠡᠢ | ᠬᠥᠭᠵᠢᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠬᠤᠲᠠ ᠶᠢᠨ ᠴᠢᠳᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ︽ | ᠬᠤᠲᠠ ᠶᠢᠨ ᠴᠢᠳᠠᠮᠵᠢ ᠶᠢ ᠲᠠᠰ ᠳᠡᠪᠰᠢᠭᠦᠯᠬᠦ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ | ᠭᠤᠶᠣ ᠰᠠᠶᠢᠬᠠᠨ᠂ ᠵᠢᠨᠱᠠᠨ ᠤ ︽ᠬᠤᠤᠰ ᠬᠦᠷᠳᠦ ᠪᠠᠷ ᠬᠥᠳᠡᠯᠭᠡᠭᠦᠷ ᠪᠣᠯᠭᠠᠬᠤ︾ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠵᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ | ᠶᠡᠭᠡ ᠪᠠᠷ ᠳᠡᠭᠡᠭᠰᠢᠯᠡᠭᠦᠯᠬᠦ ᠬᠡᠷᠡᠭᠲᠡᠶ᠃ ᠬᠥᠭᠵᠢᠯᠲᠡ ᠶᠢᠨ ᠬᠡᠷᠡᠭᠴᠡᠭᠡ᠂ ᠠᠷᠠᠳ ᠤᠨ ᠠᠮᠢᠳᠤᠷᠠᠯ ᠤᠨ ᠬᠦᠰᠡᠯ | ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠨᠱᠠᠨ ᠤ ᠭᠠᠳᠠᠷ ᠲᠣᠭᠤᠷᠢᠯ ᠵᠠᠮ ᠵᠡᠷᠭᠡ ᠵᠠᠮ ᠬᠠᠷᠢᠯᠴᠠᠭᠠᠨ ᠤ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ | ᠴᠡᠨᠡᠭᠯᠡᠬᠦ ᠦᠷᠳᠡᠭᠡ᠂ ᠪᠡᠶ᠎ᠡ ᠶᠢᠨ ᠲᠠᠮᠢᠷ ᠤᠨ ᠲᠥᠬᠦᠭᠡᠷᠦᠮᠵᠢ᠂ ᠬᠤᠳᠠ ᠬᠥᠳᠡᠭᠡ ᠶᠢᠨ ᠦᠨᠳᠦᠰᠦᠨ ᠤᠯᠠᠨ | ᠨᠡᠶᠢᠲᠡ ᠶᠢᠨ ᠦᠢᠯᠡᠴᠢᠯᠡᠭᠡ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ | ᠢᠨᠵᠧᠨᠧᠷᠢᠩ ᠤᠨ ᠳᠤᠲᠠᠭᠤᠳᠠᠯ ᠢ ᠨᠥᠬᠦᠪᠥᠷᠢᠯᠡᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠨᠠᠭᠰᠢᠳᠠ | ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ | ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠬᠥᠳᠡᠭᠡ ᠲᠣᠰᠬᠤᠨ ᠤ | ᠪᠦᠳᠦᠭᠡᠨ ᠪᠠᠶᠢᠭᠤᠯᠤᠯᠲᠠ ᠶᠢ ᠬᠦᠴᠦᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ | ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ | ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯ ᠲᠦᠭᠰᠢᠭᠦᠷᠢ ᠶᠢ ᠰᠡᠷᠭᠡᠶᠢᠯᠡᠬᠦ ᠪᠠᠷ ᠬᠦᠴᠦᠯᠡᠨ | ᠴᠢᠷᠮᠠᠶᠢᠵᠤ᠂ ᠲᠣᠭᠲᠠᠭᠤᠨ ᠢ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠳᠤ ᠰᠡᠷᠭᠡᠶᠢᠯᠡᠯᠲᠡ ᠶᠢᠨ ᠱᠤᠭᠤᠮ ᠢ ᠪᠠᠲᠤ | ᠴᠣᠭᠴᠠᠯᠠᠵᠤ᠂ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ ᠠᠮᠢ ᠠᠬᠤᠶ ᠶᠢᠨ ᠵᠠᠰᠠᠯᠲᠠ ᠶᠢ | ᠰᠢᠰᠲ᠋ᠧᠮ ᠲᠠᠢ ᠠᠬᠢᠭᠤᠯᠵᠤ᠂ ᠤᠯᠠᠭᠠᠨᠬᠠᠳᠠ ᠶᠢᠨ ᠡᠮᠦᠨ᠎ᠡ ᠬᠡᠰᠡᠭ ᠤᠨ ᠬᠤᠷᠴᠢᠨ ᠤ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ᠂ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠤᠭᠴᠠᠵᠢᠭᠤᠯᠤᠨ ᠬᠠᠮᠠᠭᠠᠯᠠᠨ | ᠰᠡᠷᠭᠦᠭᠡᠬᠦ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ | ᠠᠬᠢᠭᠤᠯᠵᠤ᠂ ᠤᠯᠤᠰ ᠤᠨ ︽ᠬᠤᠶᠠᠷ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ | ᠭᠠᠵᠠᠷ ᠤᠨ ᠠᠯᠲᠠᠨ ᠦᠰᠦᠭᠲᠦ ᠫᠠᠶᠢᠰᠠ ᠶᠢ ᠦᠷᠭᠦᠯᠵᠢᠯᠡᠨ ᠭᠡᠷᠡᠯᠲᠦᠭᠦᠯᠬᠦ ᠬᠡᠷᠡᠭᠲᠡᠶ᠃ ᠨᠡᠶᠢᠭᠡᠮ ᠤᠨ ᠲᠣᠭᠲᠠᠭᠤᠨ ᠢ | ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠶᠤᠯᠭᠦᠢ ᠦᠢᠯᠡᠳᠪᠦᠷᠢᠯᠡᠯ᠂ ᠤᠯᠠᠨ ᠨᠡᠶᠢᠲᠡ ᠶᠢᠨ ᠠᠮᠤᠷ ᠲᠦᠪᠰᠢᠨ᠂ | ᠦᠵᠡᠯ ᠤᠬᠠᠮᠰᠠᠷ ᠤᠨ ᠬᠡᠯᠪᠡᠷᠢ ᠵᠡᠷᠭᠡ ᠡᠯ᠎ᠡ ᠬᠦᠷᠢᠶᠡᠨ ᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠥᠷᠢ ᠥᠭᠴᠡᠭᠡ ᠶᠢ ᠠᠷᠢᠯᠭᠠᠬᠤ ᠶᠢ ᠡᠮᠬᠢ ᠵᠢᠷᠤᠮ ᠲᠠᠢ ᠠᠬᠢᠭᠤᠯᠵᠤ᠂ ᠠᠮᠤᠷ ᠲᠦᠪᠰᠢᠨ | ᠲᠣᠭᠲᠠᠭᠤᠨ ᠰᠠᠶᠢᠨ ᠰᠠᠶᠢᠬᠠᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠶᠡᠭᠡ ᠨᠢᠭᠡᠳᠦᠮᠡᠯ | ᠹᠷᠣᠨᠲ ᠤᠨ ᠪᠠᠶᠢᠷᠢᠰᠢᠯ ᠳᠤ ᠰᠠᠭᠤᠷᠢᠯᠠᠵᠤ᠂ ︽ᠨᠢᠭᠡ ᠪᠦᠰᠡ ᠬᠤᠶᠠᠷ ᠣᠷᠣᠨ︾ ᠤ ᠵᠢᠱᠢᠶ᠎ᠡ ᠦᠵᠡᠭᠦᠯᠬᠦ | ᠠᠴᠢᠶᠠᠯᠠᠪᠤᠷᠢ ᠶᠢᠨ ᠪᠠᠶᠢᠭᠤᠯᠤᠯᠲᠠ ᠶᠢᠨ ᠲᠣᠭᠤᠷᠢᠨ ᠳᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ | ᠬᠦᠴᠦ ᠪᠠᠨ ᠬᠠᠮᠲᠤᠳᠬᠠᠨ ᠠᠬᠢᠭᠤᠯᠵᠤ᠂ ᠪᠥᠬᠦ ᠬᠤᠲᠠ ᠴᠢᠨᠠᠭᠰᠢᠯᠠᠪᠠᠯ ᠪᠥᠬᠦ ᠣᠷᠣᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠢᠯᠡᠳᠦᠯᠭᠡ ᠶᠢᠨ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠬᠤ ᠬᠡᠷᠡᠭᠲᠡᠶ᠃ | ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠲᠠᠯ ᠢᠶᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠵᠤ᠂ | ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ | ᠬᠥᠭᠵᠢᠬᠦ᠂ ᠦᠨᠳᠦᠰᠦᠨ ᠱᠠᠳᠤ ᠲᠡᠶᠢᠰᠢ ᠥᠷᠭᠡᠵᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠦᠵᠡᠯ | ᠰᠠᠨᠠᠭ᠎ᠠ ᠪᠠᠨ ᠪᠦᠬᠦ ᠲᠠᠯ᠎ᠠ ᠪᠠᠷ ᠴᠢᠯᠥᠭᠡᠯᠡᠵᠦ᠂ ᠰᠡᠳᠬᠢᠬᠦᠢ ᠶᠢᠨ ᠲᠣᠭᠲᠠᠭᠰᠠᠨ ᠪᠠᠶᠢᠳᠠᠯ ᠢ ᠡᠪᠳᠡᠵᠦ᠂ ᠲᠠᠶᠢᠯᠬᠤ | ᠰᠡᠳᠬᠢᠬᠦᠢ ᠶᠢ ᠪᠤᠢ ᠪᠣᠯᠭᠠᠵᠤ᠂ ᠡᠯ᠎ᠡ ᠵᠦᠢᠯ ᠤᠨ ᠠᠵᠢᠯ ᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠢ᠃ | ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠠᠵᠢᠯ ᠬᠢᠵᠦ | ᠦᠢᠯᠡᠰ ᠴᠣᠭᠴᠠᠯᠠᠬᠤ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ᠠᠯᠳᠠᠭ᠎ᠠ ᠪᠤᠷᠤᠭᠤ ᠶᠢ | ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠥᠬᠦ | ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ ᠪᠠᠶᠢᠭᠠᠳ | ᠭᠠᠷ ᠢᠶᠠᠨ ᠴᠢᠯᠥᠭᠡᠲᠡᠶ ᠲᠠᠯᠪᠢᠵᠤ᠂ ᠵᠣᠷᠢᠭᠲᠠᠶ ᠪᠠᠷ ᠠᠵᠢᠯ ᠬᠢᠯᠭᠡᠬᠦ ᠬᠡᠷᠡᠭᠲᠡᠶ᠃ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ ᠪᠣᠳᠠᠲᠠᠢ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠵᠢᠷᠭᠤᠭ᠎ᠠ ᠶᠢ ᠪᠠᠶᠢᠴᠠᠭᠠᠵᠤ ᠵᠢᠷᠭᠤᠭ᠎ᠠ ᠶᠢ ᠦᠵᠡᠬᠦ︾ | ᠰᠠᠬᠢᠯᠭ᠎ᠠ ᠪᠠᠲᠤ ᠣᠪᠣᠷ ᠰᠤᠷᠲᠠᠯ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠵᠦ᠂ ᠰᠤᠷᠲᠠᠯ ᠤᠨ ᠬᠤᠪᠢᠷᠠᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ︽ | ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ | ᠰᠠᠶᠢᠵᠢᠷᠠᠭᠤᠯᠬᠤ᠂ ᠰᠢᠮᠳᠠᠭᠤᠯᠬᠤ︾ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠦᠨᠳᠦᠰᠦᠨ | ᠱᠠᠲᠤᠨ ᠤ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠴᠤᠭ ᠰᠦᠯᠳᠡ ᠪᠠᠨ ᠪᠠᠳᠠᠷᠠᠭᠤᠯᠵᠤ᠂ ᠠᠵᠤ | ᠠᠬᠤᠶ ᠶᠢᠨ ᠬᠥᠭᠵᠢᠯᠲᠡ ᠪᠠ ᠨᠡᠶᠢᠭᠡᠮ ᠤᠨ ᠵᠠᠰᠠᠯᠲᠠ ᠶᠢᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠨᠠᠩ ᠰᠠᠶᠢᠲᠤᠷ | ᠪᠡᠶᠡᠯᠡᠭᠦᠯᠬᠦ ᠬᠡᠷᠡᠭᠲᠡᠶ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ | ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠨᠡᠩ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ | ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠵᠤ᠂ ᠴᠢᠨᠠᠷ ᠰᠠᠶᠢᠲᠠᠢ ᠲᠣᠭᠤᠷᠢᠨ ᠪᠠᠶᠢᠴᠠᠭᠠᠯᠲᠠ ᠪᠠᠷ ᠴᠢᠨᠠᠷ | ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ | ᠡᠷᠴᠢ ᠵᠣᠷᠢᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ᠂ ᠯᠠᠪᠳᠠᠭᠤᠨ ᠪᠠᠲᠤᠲᠠᠶ ᠤᠷᠤᠭᠰᠢᠯᠠᠨ | ᠳᠠᠪᠰᠢᠬᠤ ᠠᠵᠢᠯ ᠤᠨ ᠰᠤᠷᠲᠠᠯ᠂ ᠥᠷᠯᠥᠭᠡ ᠦᠳᠡᠰᠢ ᠶᠢ ᠲᠡᠮᠡᠴᠡᠬᠦ ᠲᠡᠮᠡᠴᠡᠯ ᠤᠨ ᠡᠷᠴᠢ ᠵᠣᠷᠢᠭ ᠢᠶᠠᠷ ᠬᠦᠴᠢᠷ ᠢ | ᠰᠥᠷᠦᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠬᠠᠷᠠᠴᠢᠨ ᠤ ᠦᠢᠯᠡᠳᠦᠯᠭᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠤᠷᠢᠶᠠᠯᠠᠪᠠ᠃ |