ᠬᠠᠷᠠᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/6
  1 ᠰᠠᠷ᠎ᠠ ᠶᠢᠨ 2 ᠤᠨ ᠡᠳᠦᠷ᠂ ᠬᠠᠷᠠᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠠ ᠵᠢᠩ ᠬᠤᠸᠠ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠨᠡᠷ᠎ᠡ ᠳᠤᠷᠠᠳᠤᠭᠳᠠᠭᠴᠢ ᠵᠧᠩ ᠰᠢᠶᠠᠨ ᠬᠤᠶ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠬᠤᠸᠠ ᠶᠠᠨ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠢᠶᠠᠩ ᠯᠢ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠰᠦᠢ ᠶᠠ ᠵᠢᠩ᠂ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠵᠥᠪᠯᠡᠯ ᠤᠨ ᠬᠠᠷᠢᠭᠤᠴᠠᠯᠭᠠᠲᠠᠨ ᠨᠥᠬᠦᠳ ᠰᠤᠯᠠ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠠ ᠢᠦᠶ ᠬᠦᠶ ᠬᠤᠷᠠᠯ ᠡᠷᠭᠢᠯᠡᠪᠡ᠃  ᠬᠤᠷᠠᠯ ᠠᠴᠠ ᠬᠠᠷᠠᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠣᠭᠲᠠᠭᠠᠯ ︵ᠲᠥᠰᠦᠯ︶᠂ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠬᠦᠨ ᠤ ᠨᠡᠷᠡᠰ ︵ᠲᠥᠰᠦᠯ︶᠂ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ᠂ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠦᠯ︶᠂ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ︵ᠲᠥᠰᠦᠯ︶ ᠶᠢ ᠬᠢᠨᠠᠨ ᠵᠥᠪᠯᠡᠵᠦ ᠪᠠᠲᠤᠯᠠᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ ᠵᠦᠢᠯ᠂ ᠬᠠᠷᠠᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ᠂ ᠬᠠᠷᠠᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠤᠯᠳᠠᠯᠭ᠎ᠠ ᠶᠢ ᠰᠣᠨᠣᠰᠴᠤ ᠬᠢᠨᠠᠨ ᠵᠥᠪᠯᠡᠪᠡ᠃  ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠢ ᠪᠢᠯᠧᠲ ᠢᠶᠠᠷ ᠪᠠᠲᠤᠯᠠᠵᠤ᠂ ᠮᠠ ᠵᠢᠩ ᠬᠤᠸᠠ ᠰᠢᠨ᠎ᠡ ᠪᠠᠷ ᠲᠤᠰᠢᠶᠠᠯ ᠡᠭᠦᠷᠭᠡᠯᠡᠭᠰᠡᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠭᠰᠠᠨ ᠪᠥᠭᠡᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号