1 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ ᠬᠤᠰᠢᠭᠤᠨ ᠤ | ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 79 ᠳ᠋ᠤᠭᠡᠷ ᠤᠳᠠᠭᠠᠨ ᠤ ᠪᠠᠶᠢᠩᠭᠤ ᠶᠢᠨ | ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ | ᠠᠬᠤᠶ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ | ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ | ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠵᠢᠴᠢ ᠪᠥᠬᠦ | ᠬᠤᠰᠢᠭᠤᠨ ᠤ ︽ᠬᠤᠶᠠᠷ ᠬᠤᠷᠠᠯ︾ ᠤᠨ ᠪᠡᠯᠡᠳᠬᠡᠯ ᠤᠨ ᠪᠠᠶᠢᠳᠠᠯ᠂ 2024 ᠣᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2025 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ ᠵᠦᠢᠯ ᠤᠨ ᠬᠠᠮᠢᠶ᠎ᠠ ᠪᠥᠬᠦᠶ ᠪᠠᠶᠢᠳᠠᠯ᠂ 2024 | ᠣᠨ ᠤ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠮᠢᠶ᠎ᠠ ᠪᠥᠬᠦᠶ ᠪᠠᠶᠢᠳᠠᠯ ᠵᠡᠷᠭᠡ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠠ᠃ | ᠬᠤᠷᠠᠯ ᠠᠴᠠ᠂ ᠳᠡᠭᠡᠳᠦ ᠱᠠᠲᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ | ᠰᠢᠨᠵᠢᠯᠡᠬᠦ ᠤᠬᠠᠭᠠᠨᠴᠢ ᠮᠠᠭᠠᠳᠯᠠᠯᠲᠠ ᠪᠣᠯᠤᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠨᠢᠭᠡ ᠬᠥᠯᠭᠡ ᠰᠢᠳᠠᠷ᠎ᠠ︾ | ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠠᠵᠤ ᠦᠢᠯᠡᠰ᠂ ᠬᠤᠳᠠ᠂ ᠬᠥᠳᠡᠭᠡ ᠲᠣᠰᠬᠤᠨ ᠤ ᠭᠤᠷᠪᠠᠨ | ᠵᠦᠢᠯ ᠤᠨ ᠭᠤᠣᠯᠳᠠᠯᠭ᠎ᠠ ᠲᠠᠢ ᠠᠵᠢᠯ ᠪᠣᠯᠤᠨ ︽ᠠᠷᠪᠠᠨ ᠶᠡᠭᠡ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ ᠠᠴᠠ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ | ᠯᠠᠪᠳᠠᠭᠤᠨ ᠪᠠᠲᠤᠲᠠᠢ᠂ ᠲᠡᠷᠡ ᠬᠡᠪ ᠢᠶᠠᠷ ᠨᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠰᠠᠶᠢᠲᠤᠷ ᠪᠡᠶᠡᠯᠡᠭᠦᠯᠬᠦ | ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯ ᠠᠷᠠᠳ ᠤᠯᠠᠨ ᠤ ᠲᠤᠰ | ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠶᠡᠭᠡ ᠶᠠᠪᠤᠳᠠᠯ ᠪᠣᠯᠤᠨ᠎ᠠ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠡᠮᠦᠨᠡᠬᠢ ᠬᠤᠭᠤᠴᠠᠭᠠᠨ ᠤ ᠠᠵᠢᠯ ᠪᠣᠯᠤᠨ ᠰᠡᠭᠦᠯᠴᠢ ᠶᠢᠨ ᠬᠤᠭᠤᠴᠠᠭᠠᠨ ᠤ | ᠬᠡᠷᠡᠭᠵᠢᠭᠦᠯᠦᠯᠲᠡ ᠶᠢ ᠴᠢᠩᠭᠠᠳᠬᠠᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠦᠨᠡᠨᠬᠦ ᠰᠠᠶᠢᠨ ᠶᠠᠪᠤᠳᠠᠯ ᠢ | ᠰᠠᠶᠢᠲᠤᠷ ᠬᠢᠬᠦ ᠬᠡᠷᠡᠭᠲᠡᠢ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠠᠮᠤᠷ ᠲᠦᠪᠰᠢᠨ ᠢᠶᠠᠷ | ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ ᠡᠨᠡ ᠬᠦ ᠬᠥᠪᠴᠢ ᠶᠢ | ᠴᠠᠭ ᠢᠮᠠᠭᠲᠠ ᠴᠢᠩᠭᠠᠯᠠᠵᠤ᠂ ᠱᠠᠲᠤ ᠱᠠᠲᠤ ᠪᠠᠷ ᠳᠠᠷᠤᠯᠲᠠ ᠥᠭᠴᠦ᠂ ᠵᠢᠯ ᠤᠨ ᠡᠴᠦᠰ ᠲᠤ ᠣᠶ ᠰᠢᠭᠤᠶ ᠶᠢᠨ | ᠠᠭᠤᠷᠬᠠᠶ᠂ ᠬᠤᠸᠠᠷ ᠫᠤᠤᠵᠢᠩ᠂ ᠰᠢᠲᠠᠮᠠᠬᠠᠶ ᠬᠡᠶ ᠶᠢᠨ ᠰᠢᠩᠭᠡᠵᠢᠯ ᠵᠡᠷᠭᠡ ᠭᠠᠯ ᠤᠨᠲᠠᠷᠠᠭᠠᠬᠤ ᠠᠵᠢᠯ ᠢ ᠦᠨᠡᠨ ᠬᠦ | ᠰᠠᠶᠢᠲᠤᠷ ᠠᠳᠬᠤᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ︽ᠴᠠᠭ | ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠷᠠᠳ ᠲᠦᠮᠡᠨ ᠢ ᠠᠮᠤᠷ | ᠠᠮᠤᠭᠤᠯᠠᠩ ᠡᠶ᠎ᠡ ᠨᠠᠶᠢᠷᠠᠮᠳᠠᠭᠤ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠶ ᠭᠡᠵᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠬᠠᠮᠢᠶ᠎ᠠ ᠪᠥᠬᠦᠶ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ | ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ | ᠬᠤᠷᠠᠯ ᠳᠤ ᠰᠤᠯᠠ ᠣᠷᠣᠯᠴᠠᠵᠠᠶ᠃ |