ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2025/1/8
   1 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ᠃    ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠣᠣ ᠶᠠᠨ ᠬᠤᠩ ᠬᠤᠷᠠᠯ ᠡᠷᠭᠢᠯᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠰᠤᠷᠤᠯᠴᠠᠯᠭ᠎ᠠ ᠳᠤ ᠣᠷᠣᠯᠴᠠᠵᠠᠶ᠃ ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠥᠭᠦᠯᠡᠯᠲᠡ ᠶᠢᠨ ᠲᠡᠭᠦᠪᠦᠷᠢ᠂ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠮᠢᠶ᠎ᠠ ᠪᠥᠬᠦᠶ ᠣᠨᠣᠯ ᠤᠨ ᠵᠣᠬᠢᠶᠠᠯ ᠢ ᠬᠠᠮᠲᠤ ᠪᠠᠷ ᠰᠤᠷᠤᠯᠴᠠᠪᠠ᠃   ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠤᠢ ᠰᠢᠭᠤᠢ ᠶᠢᠨ ︽ᠤᠰᠤᠨ ᠴᠥᠭᠦᠷᠥᠮ᠂ ᠵᠣᠭᠤᠰᠤᠨ ᠬᠥᠮᠥᠷᠭᠡ᠂ ᠠᠮᠤ ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ ︾ ᠶᠢᠨ ᠨᠡᠩ ᠰᠠᠶᠢᠨ ᠬᠠᠮᠲᠤᠷᠠᠯᠴᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠰᠠᠶᠢᠲᠤᠷ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠲᠡᠰ ᠳᠡᠪᠰᠢᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠤᠳᠤᠯᠭ᠎ᠠ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ᠃   ᠬᠤᠷᠠᠯ ᠠᠴᠠ ᠴᠢᠩᠭᠠᠳᠬᠠᠭᠰᠠᠨ ᠨᠢ᠂ ︽ᠬᠥᠲᠥᠯᠪᠦᠷᠢ︾ ᠶᠢᠨ ᠰᠢᠨ᠎ᠡ ᠴᠠᠭ ᠦᠶ᠎ᠡ ᠶᠢᠨ ᠰᠣᠶᠣᠯ ᠤᠨ ᠪᠠᠶᠢᠭᠤᠯᠤᠯᠲᠠ ᠳᠠᠬᠢ ᠪᠠᠶᠢᠷᠢ ᠰᠠᠭᠤᠷᠢ ᠶᠢᠨ ᠦᠢᠯᠡᠳᠦᠯ᠂ ᠬᠠᠷᠠᠯᠲᠠ ᠡᠭᠦᠷᠭᠡ᠂ ᠴᠢᠭᠯᠡᠯᠲᠡ ᠵᠠᠷᠴᠢᠮ᠂ ᠪᠠᠶᠢᠯᠳᠤᠬᠤ ᠪᠤᠳᠤᠯᠭ᠎ᠠ ᠶᠢᠨ ᠠᠷᠭ᠎ᠠ ᠵᠠᠮ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠳᠤ ᠠᠭᠤᠯᠤᠭᠳᠠᠵᠤ ᠪᠠᠶᠢᠭ᠎ᠠ 12 ᠴᠢᠬᠤᠯᠠ ᠶᠡᠭᠡ ᠰᠢᠨ᠎ᠡ ᠶᠢ ᠡᠭᠦᠳᠬᠦ ᠦᠵᠡᠯᠲᠡ ᠪᠣᠯᠤᠨ 12 ᠵᠦᠢᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠡᠵᠡᠮᠳᠡᠵᠦ᠂ ᠺᠠᠳ᠋ᠷ ᠲᠤᠬᠢᠷᠠᠭᠤᠯᠬᠤ᠂ ᠴᠢᠳᠠᠪᠤᠷᠢᠲᠠᠨ ᠢ ᠬᠥᠮᠦᠵᠢᠭᠦᠯᠬᠦ᠂ ᠡᠬᠢ ᠪᠠᠶᠠᠯᠢᠭ ᠤᠨ ᠣᠷᠣᠭᠤᠯᠤᠯᠲᠠ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠡᠷᠡᠰ ᠪᠠᠲᠤ ᠰᠢᠲᠦᠭᠴᠢ᠂ ᠢᠳᠡᠪᠬᠢᠲᠡᠶ ᠤᠯᠠᠮᠵᠢᠯᠠᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠰᠣᠶᠣᠯ ᠤᠨ ᠠᠵᠢᠯ ᠢ ᠠᠬᠢᠭᠤᠯᠬᠤ ᠳᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃   ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠨᠢᠭᠡ ᠵᠦᠢᠯ ᠤᠨ ᠲᠦᠢᠯ ᠤᠨ ᠴᠢᠬᠤᠯᠠ ᠠᠵᠢᠯ ᠪᠣᠯᠤᠨ᠎ᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠨᠠᠭᠰᠢᠳᠠ ᠲᠡᠭᠦᠯᠳᠡᠷᠵᠢᠭᠦᠯᠵᠦ᠂ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠲᠦᠷᠢᠮ ᠲᠣᠭᠲᠠᠴᠠ᠂ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠲᠣᠭᠲᠠᠴᠠ ᠪᠣᠯᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠬᠠᠮᠵᠢᠯᠴᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠪᠤᠷᠤᠭᠤ ᠦᠵᠡᠯᠲᠡ ᠶᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠨ ᠬᠤᠷᠢᠭᠯᠠᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号