ᠪᠠᠢ ᠯᠢᠩ 2025 ᠣᠨ ᠤ ᠠᠩᠬᠠᠳᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/14
   2 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠯᠢᠩ 2025 ᠣᠨ ᠤ ᠠᠩᠬᠠᠳᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠵᠢᠶ ᠲᠤᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠴᠢᠦ ᠶᠧ᠂ ᠮᠧᠩ ᠹᠠᠨ ᡂᠢ᠂ ᠢᠦᠶ ᠬᠤᠸᠠ ᠶᠠᠨ᠂ ᠵᠤᠸᠠᠩ ᠸᠧᠨ ᠳ᠋ᠢ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠰᠢᠤᠢ ᠰᠢᠶᠤᠤ ᠳ᠋ᠦᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠤᠤ ᠲᠤᠶᠠᠭ᠎ᠠ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ 2025 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶ᠎ᠠ ᠪᠣᠯᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ︽ᠬᠠᠷᠠᠴᠢᠨ ᠬᠤᠰᠢᠭᠤᠨ ᠤ ︿ᠠᠷᠪᠠᠨ ᠶᠡᠭᠡ ᠠᠵᠢᠯᠯᠠᠭ᠎ᠠ﹀ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠵᠢᠴᠢ 2025 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ᠂ ︽ᠬᠠᠷᠠᠴᠢᠨ ᠬᠤᠰᠢᠭᠤᠨ ᠤ 2025 ᠣᠨ ᠤ ᠲᠠᠷᠢᠶᠠᠯᠠᠩ ᠮᠠᠯ ᠠᠵᠤ ᠠᠬᠤᠶ ᠶᠢᠨ ᠭᠤᠤᠯᠯᠠᠬᠤ ᠠᠵᠤ ᠦᠢᠯᠡᠰ ᠤᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ᠂ ᠭᠤᠤᠯ ᠤᠨ ᠳᠠᠷᠤᠭ᠎ᠠ ᠶᠢᠨ ᠲᠦᠷᠢᠮ ᠵᠡᠷᠭᠡ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃   ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ︽ᠠᠷᠪᠠᠨ ᠶᠡᠭᠡ ᠠᠵᠢᠯᠯᠠᠭ᠎ᠠ︾ ᠶᠢᠨ ᠲᠤᠯᠭᠠᠭᠤᠷᠢᠯᠠᠬᠤ ᠴᠢᠨᠠᠷ᠂ ᠬᠥᠰᠢᠭᠦᠷᠭᠡ ᠶᠢᠨ ᠴᠢᠨᠠᠷᠲᠠᠶ ᠬᠥᠲᠥᠯᠦᠨ ᠳᠠᠭᠠᠭᠤᠯᠬᠤ ᠦᠢᠯᠡᠳᠦᠯ ᠢ ᠭᠦᠨᠵᠡᠭᠡᠶ ᠲᠠᠨᠢᠵᠤ᠂ 2025 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠳᠠᠬᠢᠨ ᠡᠮᠬᠢᠯᠡᠨ ᠳᠠᠬᠢᠨ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠠᠵᠢᠯ ᠤᠨ ᠲᠥᠷᠥᠯ ᠵᠦᠢᠯ ᠢ ᠴᠠᠭ ᠪᠣᠯᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠤᠷᠳᠤᠴᠠ ᠪᠠᠨ ᠳᠡᠭᠡᠭᠰᠢᠯᠡᠭᠦᠯᠦᠨ ᠲᠠᠪᠠᠯᠳᠠᠳᠤ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠥᠬᠦ ᠬᠤᠰᠢᠭᠤᠨ ᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠲᠥᠷᠥᠯ ᠵᠦᠢᠯ ᠢ ᠵᠣᠯᠭᠠᠭᠤᠯᠬᠤ ᠪᠠᠯᠠ ᠮᠥᠩᠭᠦ ᠪᠠ ᠡᠯ᠎ᠡ ᠲᠥᠷᠥᠯ ᠤᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠥᠨᠳᠥᠷ ᠪᠦᠲᠦᠮᠵᠢᠲᠡᠶ ᠠᠰᠢᠭᠯᠠᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠶ᠃ ᠳᠡᠭᠡᠳᠦ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ᠂ ᠠᠭᠤᠷᠬᠠᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ ᠳᠤᠪᠤᠶᠢᠮ᠎ᠠ ᠠᠰᠠᠭᠤᠳᠠᠯ ᠢ ᠨᠢᠭᠡ ᠴᠤᠭᠴᠠᠵᠢᠭᠤᠯᠤᠨ ᠵᠢᠭᠰᠠᠭᠠᠨ ᠪᠠᠶᠢᠴᠠᠭᠠᠵᠤ  ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠮᠠᠰᠢᠨ ᠲᠡᠷᠭᠡᠨ ᠤ ᠬᠡᠷᠡᠭᠯᠡᠭᠡᠨ ᠤ ᠨᠥᠬᠦᠪᠥᠷᠢ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠪᠠᠳᠠᠷᠠᠭᠤᠯᠤᠨ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠲᠤᠰᠬᠠᠶ ᠮᠡᠷᠭᠡᠵᠢᠯ ᠤᠨ ᠰᠠᠯᠠᠭ᠎ᠠ ᠲᠠᠰᠤᠭ ᠤᠨ ᠪᠠᠶᠢᠭᠤᠯᠤᠯᠲᠠ᠂ ᠡᠮᠴᠢᠯᠡᠭᠡᠨ ᠤ ᠲᠥᠬᠦᠭᠡᠷᠦᠮᠵᠢ ᠶᠢᠨ ᠰᠢᠨᠡᠴᠢᠯᠡᠯᠲᠡ᠂ ᠴᠢᠳᠠᠪᠤᠷᠢᠲᠠᠨ ᠤ ᠡᠩᠨᠡᠭᠡ ᠶᠢᠨ ᠬᠠᠮᠢᠶᠠᠷᠤᠯᠲᠠ ᠵᠡᠷᠭᠡ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃   ᠬᠤᠷᠠᠯ ᠠᠴᠠ ᠡᠮᠦᠨ᠎ᠡ᠂ ᠪᠠᠶ ᠯᠢᠩ 2025 ᠣᠨ ᠤ ᠨᠢᠭᠡᠳᠦᠭᠡᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ 1 ᠰᠠᠷ᠎ᠠ ᠶᠢᠨ 20 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠰᠠᠨᠠᠯ︾ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ︽ᠭᠤᠷᠪᠠᠨ ᠴᠢᠬᠤᠯᠠ ᠨᠢᠭᠡ ᠶᠡᠭᠡ︾ ᠵᠦᠢᠯᠡᠰ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号